12 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ | ᠵᠧᠩ ᠳ᠋ᠦᠩ ᠫᠢᠩ 2024 ᠣᠨ ᠤ 21 ᠳ᠋ᠤᠭᠡᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ 2024 ᠣᠨ ᠤ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ | ᠵᠢᠴᠢ 2025 ᠣᠨ ᠤ ᠨᠢᠭᠡᠳᠦᠭᠡᠷ ᠤᠯᠠᠷᠢᠯ ᠳᠤ ᠮᠡᠳᠡᠭᠦᠯᠦᠨ ᠬᠦᠷᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠣᠯ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠂ ᠬᠠᠷᠢᠭᠤᠴᠠᠯᠭᠠᠲᠤ ᠰᠡᠳᠬᠢᠯᠭᠡ ᠪᠣᠯᠤᠨ | ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠠᠷᠢᠮᠵᠢᠶᠠᠯᠠᠨ ᠬᠠᠷᠭᠤᠭᠤᠯᠵᠤ ᠰᠢᠪᠲᠤᠯᠤᠯᠲᠠ ᠬᠢᠵᠦ | ᠪᠣᠭᠤᠮᠲᠠ ᠰᠢᠪᠲᠤᠯᠵᠤ᠂ ᠪᠦᠬᠦ ᠵᠢᠯ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ | ᠴᠢᠩᠭᠠᠳᠬᠠᠵᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠪᠣᠯᠤᠨ ᠲᠦᠷᠦᠯ ᠵᠦᠢᠯ ᠢ ᠬᠥᠮᠥᠷᠭᠡ ᠳᠤ | ᠣᠷᠣᠭᠤᠯᠬᠤ᠂ ᠪᠦᠷᠢᠳᠬᠡᠯ ᠳᠤ ᠣᠷᠣᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠷᠣᠬᠤ | ᠶᠣᠰᠣᠲᠠᠢ ᠶᠢ ᠨᠢ ᠪᠦᠬᠦᠨ ᠢ ᠣᠷᠣᠭᠤᠯᠬᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠪᠠᠲᠤᠯᠠᠬᠤ | ᠬᠡᠷᠡᠭᠲᠡᠢ᠃ ᠲᠦᠷᠦᠯ ᠵᠦᠢᠯ ᠢ ᠲᠥᠯᠥᠪᠵᠢᠭᠦᠯᠬᠦ ᠪᠠ ᠨᠥᠭᠡᠴᠡᠯᠡᠬᠦ ᠶᠢ ᠴᠢᠩᠭᠠᠳᠬᠠᠵᠤ᠂ ᠪᠦᠲᠦᠮᠵᠢᠲᠡᠢ ᠪᠡᠯᠡ | ᠣᠷᠣᠭᠤᠯᠤᠯᠲᠠ ᠶᠢ ᠢᠳᠡᠪᠬᠢᠲᠡᠢ ᠥᠷᠭᠡᠳᠬᠡᠵᠦ᠂ ᠨᠢᠭᠡ ᠪᠦᠯᠦᠭ ᠨᠠᠶᠢᠳᠠᠪᠤᠷᠢᠵᠢᠭᠤᠯᠵᠤ ᠳᠡᠶᠢᠯᠬᠦ ᠲᠦᠷᠦᠯ ᠵᠦᠢᠯ ᠢ | ᠦᠷᠭᠦᠯᠵᠢᠯᠡᠨ ᠲᠥᠯᠥᠪᠵᠢᠭᠦᠯᠦᠨ ᠪᠤᠢ ᠪᠣᠯᠭᠠᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠳᠠᠯᠳᠠ ᠬᠦᠴᠦᠨ ᠢ | ᠢᠳᠡᠪᠬᠢᠲᠡᠢ ᠠᠭᠤᠳᠠᠯᠵᠤ᠂ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠦᠬᠦ | ᠬᠦᠴᠦᠨ ᠢᠶᠠᠷ ᠢᠶᠠᠨ ᠪᠡᠯᠡ ᠣᠷᠣᠭᠤᠯᠤᠯᠲᠠ ᠶᠢ ᠥᠷᠭᠡᠳᠬᠡᠵᠦ᠂ ᠨᠡᠮᠡᠭᠳᠡᠯ ᠢ ᠲᠣᠭᠲᠠᠪᠤᠷᠢᠵᠢᠭᠤᠯᠵᠤ᠂ ᠢᠷᠡᠬᠦ | ᠵᠢᠯ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠬᠤ | ᠬᠡᠷᠡᠭᠲᠡᠢ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |