ᠬᠤᠩ ᠮᠤᠤ ᠪᠠᠯᠭᠠᠰᠤᠨ ᠤ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/28
  12 ᠰᠠᠷ᠎ᠠ ᠶᠢᠨ 27 ᠤ ᠡᠳᠦᠷ᠂ ᠬᠤᠩ ᠮᠤᠤ ᠪᠠᠯᠭᠠᠰᠤᠨ ᠤ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠷᠠᠯ ᠳᠤ ᠣᠷᠣᠯᠴᠠᠬᠤ ᠶᠣᠰᠣᠲᠠᠶ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 81 ᠬᠥᠮᠦᠨ᠂ ᠪᠣᠳᠠᠲᠠᠶ ᠣᠷᠣᠯᠴᠠᠭᠰᠠᠨ ᠨᠢ 72 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠠᠴᠠ ᠬᠤᠩ ᠮᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠮᠡᠳᠡᠭᠦᠯᠦᠯᠲᠡ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ ᠶᠡᠭᠡ ᠬᠤᠷᠠᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠢᠴᠢ ᠪᠠᠯᠭᠠᠰᠤᠨ ᠤ ᠳᠡᠳ᠋ ᠳᠠᠷᠤᠭ᠎ᠠ ᠶᠢ ᠬᠠᠤᠯᠢ ᠶᠣᠰᠣᠭᠠᠷ ᠰᠣᠩᠭᠤᠨ ᠭᠠᠷᠭᠠᠵᠤ᠂ ᠰᠢᠨ᠎ᠡ ᠪᠠᠷ ᠰᠣᠩᠭᠤᠭᠳᠠᠭᠰᠠᠨ ᠬᠥᠮᠦᠰ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃    ᠬᠤᠷᠠᠯ ᠠᠴᠠ᠂ ᠪᠦᠬᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠳᠠ᠂ ᠰᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠣᠷᠣᠯᠴᠠᠵᠤ᠂ ᠤᠳᠤ ᠦᠶ᠎ᠡ ᠶᠢᠨ ᠯᠢᠶᠠᠩᠴᠧᠩ ᠢ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                                     ᠤᠷᠴᠢᠭᠤᠯᠤᠭᠴᠢ  ᠄   ᠼᠦᠢ ᠴᠢᠩ                                                                      
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2