ᠵᠢᠷᠭᠤᠳᠤᠭᠠᠷ ᠰᠤᠮᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/28
  12 ᠰᠠᠷ᠎ᠠ ᠶᠢᠨ 27 ᠤ ᠡᠳᠦᠷ᠂ ᠵᠢᠷᠭᠤᠳᠤᠭᠠᠷ ᠰᠤᠮᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 68 ᠬᠥᠮᠦᠨ᠂ ᠪᠣᠳᠠᠲᠠᠢ ᠣᠷᠣᠯᠴᠠᠭᠰᠠᠨ ᠨᠢ 55 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠬᠤᠷᠠᠯ ᠠᠴᠠ ᠪᠠᠯᠭᠠᠰᠤᠨ ᠤ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠤᠨ ᠮᠡᠳᠡᠭᠦᠯᠦᠯᠲᠡ᠂ 2023 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠵᠦ᠂ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢ ᠰᠣᠩᠭᠤᠨ ᠭᠠᠷᠭᠠᠪᠠ᠃ ᠰᠢᠨ᠎ᠡ ᠪᠠᠷ ᠰᠣᠩᠭᠤᠭᠳᠠᠭᠰᠠᠨ ᠬᠥᠮᠦᠰ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃    ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠥᠯᠥᠪᠵᠢᠭᠦᠯᠭᠡ ᠶᠢᠨ ᠵᠢᠯ ᠪᠣᠯᠤᠨ᠎ᠠ᠂ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠤᠮ᠃ ᠪᠦᠬᠦ ᠪᠠᠯᠭᠠᠰᠤ ᠪᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠶᠠᠨ ᠤ ᠨᠠᠮ ᠤᠨ ᠬᠤᠷᠢᠶ᠎ᠠ ᠪᠣᠯᠤᠨ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠯᠬᠦᠮᠳᠡᠨ ᠨᠢᠭᠡᠳᠴᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠡᠷᠡᠮᠡᠬᠡᠶᠢᠯᠡᠨ ᠤᠷᠤᠭᠰᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠥᠨᠳᠥᠷ ᠵᠣᠭᠰᠣᠴᠠ ᠠᠴᠠ ᠭᠤᠣᠯ ᠶᠡᠭᠡ ᠲᠠᠯ᠎ᠠ ᠳᠤ ᠦᠢᠯᠡᠴᠢᠯᠡᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠴᠢᠨᠠᠷ ᠰᠠᠶᠢᠲᠠᠢ ᠭᠦᠢᠴᠡᠳᠬᠡᠵᠦ᠂ ᠥᠨᠳᠥᠷ ᠲᠦᠪᠰᠢᠨ ᠢᠶᠠᠷ ᠲᠥᠯᠥᠭᠡᠯᠡᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠵᠢᠷᠭᠤᠭᠠᠨ ᠰᠤᠮᠤ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︕                               ᠨᠠᠶᠢᠷᠠᠭᠤᠯᠤᠭᠴᠢ᠄   ᠴᠧᠨ ᠰᠢᠶᠤᠤ ᠵᠢᠤᠸᠠᠨ                               ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2