2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠥᠳᠡᠭᠡ | ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠬᠦ ᠶᠢᠨ ᠲᠥᠯᠥᠭᠡ᠂ ᠤᠢᠢᠷ᠎ᠠ ᠶᠢᠨ ᠬᠤᠭᠤᠴᠠᠭᠠᠨ ᠳᠤ᠂ ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ | ᠲᠤᠪᠴᠢᠶ᠎ᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠤᠶᠤᠨ ᠴᠢᠳᠠᠯ ᠢᠶᠠᠨ ᠲᠥᠪᠯᠡᠷᠡᠭᠦᠯᠵᠦ᠂ ᠬᠥᠳᠡᠭᠡ | ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠬᠥᠳᠡᠭᠡ ᠲᠣᠰᠬᠤᠨ ᠤ ᠤᠰᠤ ᠬᠡᠷᠡᠭᠯᠡᠬᠦ ᠤᠰᠤᠨ ᠤ ᠴᠢᠨᠠᠷ᠂ ᠤᠰᠤᠨ ᠤ ᠬᠡᠮᠵᠢᠶ᠎ᠡ᠂ ᠲᠦᠬᠦᠮ ᠦᠵᠡᠭᠦᠯᠬᠦ ᠬᠡᠮᠵᠢᠶ᠎ᠡ | ᠪᠣᠯᠤᠨ ᠤᠰᠤ ᠬᠠᠩᠭᠠᠬᠤ ᠪᠠᠲᠤᠯᠠᠭ᠎ᠠ ᠶᠢᠨ ᠨᠤᠷᠮ᠎ᠠ ᠵᠡᠷᠭᠡ ᠲᠦᠷᠪᠡᠨ ᠵᠦᠢᠯ ᠤᠨ ᠪᠠᠷᠢᠮᠵᠢᠶ᠎ᠠ ᠲᠠᠢ ᠬᠠᠷᠢᠴᠠᠭᠤᠯᠵᠤ᠂ | ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ | ᠪᠠᠶᠢᠳᠠᠯ ᠢ ᠡᠷᠦᠭᠡ ᠳᠤ ᠬᠦᠷᠴᠦ ᠰᠤᠷᠪᠤᠯᠵᠢᠯᠠᠨ ᠵᠢᠭᠰᠠᠭᠠᠨ ᠪᠠᠶᠢᠴᠠᠭᠠᠪᠠ᠃ | ᠵᠢᠭᠰᠠᠭᠠᠨ ᠪᠠᠶᠢᠴᠠᠭᠠᠬᠤ ᠠᠵᠢᠯᠲᠠᠨ ᠡᠷᠦᠬᠡ ᠳᠤ ᠬᠦᠷᠴᠦ ᠰᠤᠷᠪᠤᠯᠵᠢᠯᠠᠬᠤ᠂ ᠯᠠᠪᠯᠠᠨ ᠠᠰᠠᠭᠤᠵᠤ ᠣᠶᠢᠯᠠᠭᠠᠬᠤ᠂ | ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ | ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠣᠯᠠᠨ ᠲᠦᠮᠡᠨ ᠤ ᠤᠤᠭᠤᠬᠤ ᠤᠰᠤᠨ ᠤ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠬᠢᠵᠢᠭᠦᠯᠵᠦ᠂ ᠣᠯᠠᠨ ᠲᠦᠮᠡᠨ ᠤ ᠤᠰᠤ ᠬᠡᠷᠡᠭᠯᠡᠬᠦ ᠬᠠᠨᠤᠮᠵᠢ ᠶᠢᠨ | ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠲᠡᠷᠡ | ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ᠂ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠬᠤ ᠶᠢ ᠪᠠᠷᠢᠮᠲᠠᠯᠠᠬᠤ ᠦᠭᠡᠢ ᠪᠣᠯ ᠬᠦᠴᠦᠨ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ | ᠡᠭᠦᠨ ᠤ ᠬᠠᠮᠲᠤ᠂ ᠵᠢᠭᠰᠠᠭᠠᠨ ᠪᠠᠶᠢᠴᠠᠭᠠᠬᠤ ᠠᠵᠢᠯᠲᠠᠳ ᠪᠠᠰᠠ ᠣᠯᠠᠨ ᠢᠶᠠᠷ ᠢᠶᠠᠨ ᠤᠰᠤ ᠬᠠᠩᠭᠠᠬᠤ | ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠶᠢ ᠢᠳᠡᠪᠬᠢᠲᠡᠶ ᠰᠠᠨᠠᠭᠠᠴᠢᠯᠠᠵᠤ᠂ ᠤᠰᠤ | ᠠᠷᠪᠢᠯᠠᠬᠤ ᠤᠬᠠᠮᠰᠠᠷ ᠢ ᠪᠣᠶ ᠪᠣᠯᠭᠠᠵᠤ᠂ ᠤᠰᠤᠨ ᠤ ᠡᠬᠢ ᠪᠠᠶᠠᠯᠢᠭ ᠪᠠ ᠤᠰᠤ ᠬᠠᠩᠭᠠᠬᠤ ᠲᠥᠬᠦᠭᠡᠷᠦᠮᠵᠢ ᠶᠢ | ᠬᠠᠮᠠᠭᠠᠯᠠᠬᠤ ᠦᠵᠡᠯ ᠤᠬᠠᠮᠰᠠᠷ ᠢᠶᠠᠨ ᠴᠢᠩᠭᠠᠳᠬᠠᠵᠤ᠂ ᠣᠯᠠᠨ ᠲᠦᠮᠡᠨ ᠤ ᠤᠰᠤ ᠬᠠᠮᠢᠶᠠᠷᠴᠤ ᠤᠰᠤ ᠶᠢ | ᠬᠠᠮᠠᠭᠠᠯᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠪᠠ᠃ | ᠲᠣᠰ ᠤᠳᠠᠭᠠᠨ ᠤ ᠤᠤᠭᠤᠬᠤ ᠤᠰᠤᠨ ᠤ ᠠᠮᠤᠷ ᠲᠦᠪᠰᠢᠨ ᠢ ᠰᠤᠷᠪᠤᠯᠵᠢᠯᠠᠨ ᠪᠠᠶᠢᠴᠠᠭᠠᠬᠤ ᠠᠵᠢᠯ ᠢ | ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠳᠡᠷᠭᠡᠳᠡᠬᠢ ᠤᠤᠭᠤᠬᠤ ᠤᠰᠤᠨ ᠤ ᠠᠮᠤᠷ ᠲᠦᠪᠰᠢᠨ ᠤ | ᠠᠰᠠᠭᠤᠳᠠᠯ ᠢ ᠦᠨᠡᠨ ᠬᠦ ᠢᠯᠡᠷᠡᠭᠦᠯᠦᠨ ᠰᠢᠶ᠋ᠳᠪᠦᠷᠢᠯᠡᠵᠦ᠂ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ | ᠤᠯᠠᠮ ᠨᠢᠭᠡ ᠠᠯᠬᠤᠮ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ | ᠠᠮᠤᠷ ᠲᠦᠪᠰᠢᠨ ᠤ ᠪᠠᠲᠤᠯᠠᠭ᠎ᠠ ᠶᠢᠨ ᠦᠷ᠎ᠡ ᠪᠦᠲᠦᠭᠡᠯ ᠢ ᠪᠦᠲᠦᠮᠵᠢᠲᠡᠶ ᠪᠠᠬᠢᠵᠢᠭᠦᠯᠪᠡ᠃ | ᠲᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠥᠳᠡᠭᠡ | ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠤᠤᠭᠤᠬᠤ ᠤᠰᠤᠨ ᠤ ᠠᠮᠤᠷ ᠲᠦᠪᠰᠢᠨ ᠤ ︽ᠡᠷᠬᠢᠨ ᠬᠠᠷᠠᠬᠤ︾ ᠠᠵᠢᠯ ᠢ ᠰᠠᠶᠢᠲᠤᠷ ᠬᠢᠵᠦ᠂ | ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠲᠡᠭᠡᠳ ᠤᠨ | ᠤᠤᠭᠤᠬᠤ ᠤᠰᠤᠨ ᠤ ᠠᠮᠤᠷ ᠲᠦᠪᠰᠢᠨ ᠢ ᠪᠥᠬᠦ ᠲᠠᠯ᠎ᠠ ᠪᠠᠷ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠠᠷᠠᠳ ᠣᠯᠠᠨ ᠤ ᠤᠤᠭᠤᠬᠤ ᠤᠰᠤᠨ ᠤ ᠠᠮᠤᠷ ᠲᠦᠪᠰᠢᠨ ᠤ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ | ᠂ ᠣᠯᠠᠨ ᠲᠦᠮᠡᠨ ᠳᠤ ᠭᠦᠶ᠋ᠴᠡᠳ ᠬᠡᠮᠵᠢᠶ᠎ᠡ᠂ ᠠᠷᠢᠭᠤᠨ ᠴᠡᠪᠡᠷ᠂ ᠠᠮᠤᠷ ᠲᠦᠪᠰᠢᠨ ᠰᠠᠨᠠᠭ᠎ᠠ ᠠᠮᠤᠷ ᠤᠰᠤ | ᠡᠳ᠋ᠯᠡᠭᠦᠯᠬᠦ ᠶᠢ ᠪᠠᠲᠤᠯᠠᠨ᠎ᠠ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |