︽ᠯᠢᠶᠠᠩᠴᠧᠩ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/29
ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠬᠠᠮᠲᠤ ᠪᠠᠷ ᠪᠠᠶᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠳᠤᠴᠠ ᠶᠢ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠ ᠪᠠᠷᠢᠮᠵᠢᠶᠠᠯᠠᠬᠰᠠᠨ ᠥᠭᠡᠷᠡᠴᠢᠯᠡᠯᠲᠡ ᠶᠢᠨ ᠰᠢᠯᠢᠳᠡᠭᠵᠢᠯ ᠢ ᠳᠡᠭᠡᠭᠰᠢᠯᠡᠭᠦᠯᠬᠦ ᠲᠠᠪᠤᠨ ᠵᠦᠢᠯ ᠤᠨ ᠳᠡᠭᠡᠭᠰᠢᠯᠡᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠬᠦ ᠰᠢᠶᠠᠨ ᠳᠤ ᠨᠠᠩ ᠥᠨᠳᠥᠷ ᠪᠦᠲᠦᠮᠵᠢᠲᠡᠶ᠂ ᠡᠷᠬᠡ ᠲᠡᠭᠰᠢ ᠡᠮᠬᠢ ᠵᠢᠷᠤᠮ ᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠥᠰᠦᠯ ︵5.0 ᠬᠡᠪᠯᠡᠯ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠴᠠᠪ ᠵᠠᠰᠠᠭ ᠲᠠᠷᠬᠠᠭᠠᠭᠰᠠᠨ ﹇2020﹈ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃     ᠨᠢᠭᠡ᠂ ᠭᠤᠤᠯᠳᠠᠯᠭ᠎ᠠ ᠲᠠᠢ ᠡᠭᠦᠷᠭᠡ    ᠠᠵᠤ ᠠᠬᠤᠶᠢᠯᠠᠯ ᠤᠨ ᠪᠠᠯᠠ ᠣᠷᠣᠭᠤᠯᠤᠨ ᠦᠢᠯᠡᠳᠪᠦᠷᠢᠯᠡᠵᠦ ᠡᠵᠡᠩᠨᠡᠬᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠠᠪᠤᠴᠠ ᠳᠠᠬᠢ ᠪᠠᠴᠢᠮ ᠪᠡᠷᠬᠡ ᠵᠣᠪᠠᠨᠢᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠥᠭᠦᠮᠴᠢᠯᠡᠭᠰᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃    ︵ᠨᠢᠭᠡ︶ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠬᠠᠮᠲᠤ ᠪᠠᠷ ᠪᠠᠶᠢᠭᠤᠯᠬᠤ ᠠᠵᠢᠯᠯᠠᠭ᠎ᠠ    1. ᠦᠨᠡᠨᠴᠢ ᠢᠲᠡᠭᠡᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ︽ᠪᠥᠬᠦ ᠣᠷᠣᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠪᠣᠯᠤᠨ ︽ᠤᠯᠠᠭᠠᠨᠴᠠᠪ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾᠂ ︽ᠯᠢᠶᠠᠩᠴᠧᠩ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠭᠦᠢᠴᠡᠳ ᠰᠠᠶᠢᠲᠤᠷ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠦᠯᠬᠦ ᠲᠦᠷᠢᠮ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠰ ᠳᠠᠪᠬᠤᠷᠭ᠎ᠠ ᠶᠢᠨ ᠢᠲᠡᠭᠡᠮᠵᠢ ᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠪᠣᠳᠠᠲᠠᠶ ᠠᠷᠭ᠎ᠠ ᠶᠢᠨ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠭᠡᠷ᠎ᠡ ᠶᠢ ᠵᠥᠷᠢᠴᠡᠵᠦ ᠢᠲᠡᠭᠡᠯ ᠠᠯᠳᠠᠭᠰᠠᠨ ᠵᠠᠭᠠᠯᠳᠤᠯᠭ᠎ᠠ ᠶᠢᠨ ᠰᠦᠪᠡᠭᠴᠢ ᠶᠢ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠵᠦ᠂ ᠵᠠᠭᠠᠯᠳᠤᠭᠳᠠᠭᠰᠠᠨ ᠭᠤᠤᠯ ᠴᠣᠭᠴᠠ ᠶᠢᠨ ᠳᠡᠭᠡᠳᠦ ᠱᠠᠲᠤᠨ ᠤ ᠰᠠᠯᠠᠭ᠎ᠠ ᠮᠥᠴᠢᠷ ᠪᠤᠶᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠴᠠᠭ ᠲᠤᠬᠠᠶ ᠳᠤᠨᠢ ᠬᠠᠷᠢᠭᠤ ᠲᠤᠰᠬᠠᠨ᠎ᠠ᠃ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠶᠡᠭᠡ ᠪᠠᠷ ᠵᠢᠭᠰᠠᠭᠠᠨ ᠪᠠᠶᠢᠴᠠᠭᠠᠵᠤ᠂ ᠶᠡᠭᠡ ᠪᠠᠷ ᠡᠬᠢᠯᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠂ ᠬᠤᠲᠠ ᠳᠤ ᠬᠠᠮᠵᠢᠯᠴᠠᠨ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠳᠠᠯ ᠤᠨ ᠦᠨᠡᠯᠡᠯᠲᠡ ᠶᠢ ᠥᠷᠨᠢᠭᠦᠯᠵᠦ᠂ ᠭᠦᠢᠴᠡᠳᠬᠡᠯ ᠲᠤᠭ᠎ᠠ ᠶᠣᠰᠣᠭᠠᠷ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠠᠵᠢᠯ ᠢ ᠠᠬᠢᠭᠤᠯᠤᠨ᠎ᠠ᠃ ᠭᠤᠣᠯᠳᠠᠯᠭ᠎ᠠ ᠲᠠᠢ ᠬᠥᠮᠦᠰ ᠤᠨ ᠬᠤᠪᠢ ᠬᠥᠮᠦᠨ ᠤ ᠦᠨᠡᠨᠴᠢ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠵᠤ᠂ ᠢᠲᠡᠭᠡᠯ ᠠᠯᠳᠠᠭᠰᠠᠨ ᠭᠤᠣᠯ ᠴᠣᠭᠴᠠ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠨ᠎ᠠ᠃ ᠰᠤᠷᠭᠠᠨ ᠬᠥᠮᠦᠵᠢᠯ ᠪᠠ ᠠᠵᠢᠯᠲᠠᠨ ᠤ ᠶᠠᠪᠤᠳᠠᠯ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠤᠯ᠂ ᠠᠷᠠᠳ ᠤᠨ ᠶᠠᠪᠤᠳᠠᠯ᠂ ᠬᠥᠳᠡᠯᠮᠦᠷᠢ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠰᠣᠶᠣᠯ ᠪᠠ ᠵᠢᠭᠤᠯᠴᠢᠯᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠢᠲᠡᠭᠡᠯ ᠠᠯᠳᠠᠭᠰᠠᠨ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠡᠷᠬᠡ ᠶᠢᠨ ᠬᠢᠵᠠᠭᠠᠷ ᠠᠴᠠ ᠳᠠᠪᠠᠭᠰᠠᠨ᠂ ᠬᠡᠪᠴᠢᠶ᠎ᠡ ᠠᠴᠠ ᠳᠠᠪᠠᠭᠰᠠᠨ᠂ ᠲᠤᠭ᠎ᠠ ᠬᠡᠮᠵᠢᠶ᠎ᠡ ᠠᠴᠠ ᠳᠠᠪᠠᠭᠰᠠᠨ᠂ ᠵᠢᠴᠢ ᠬᠤᠭᠤᠴᠠᠭ᠎ᠠ ᠬᠢᠵᠠᠭᠠᠷ ᠠᠴᠠ ᠬᠡᠲᠦᠷᠡᠭᠰᠡᠨ᠂ ᠪᠠᠶᠢᠴᠠᠭᠠᠨ ᠪᠢᠲᠡᠭᠦᠮᠵᠢᠯᠡᠭᠰᠡᠨ᠂ ᠦᠯᠡᠳᠡᠭᠡᠨ ᠠᠪᠤᠭᠰᠠᠨ᠂ ᠦᠯᠦ ᠬᠦᠳᠡᠯᠭᠡᠯᠭᠡᠬᠦ ᠠᠰᠠᠭᠤᠳᠠᠯ ᠤᠨ ᠲᠤᠰᠬᠠᠢ ᠪᠠᠶᠢᠴᠠᠭᠠᠯᠲᠠ ᠶᠢ ᠦᠷᠨᠢᠭᠦᠯᠦᠨ᠎ᠡ᠃ ᠬᠠᠮᠲᠤᠷᠠᠨ ᠰᠡᠷᠭᠡᠶᠢᠯᠡᠵᠦ ᠵᠠᠯᠬᠠᠭᠠᠨ ᠰᠢᠳᠬᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠳᠠᠯ ᠬᠠᠭᠤᠷᠮᠠᠭ ᠵᠠᠷᠭᠤ ᠳᠤ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠬᠦ ᠲᠤᠰᠬᠠᠶ ᠵᠦᠢᠯ ᠤᠨ ᠠᠵᠢᠯᠯᠠᠭ᠎ᠠ ᠶᠢ ᠥᠷᠨᠢᠭᠦᠯᠦᠨ᠎ᠡ᠃    2. ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠢᠲᠡᠭᠡᠮᠵᠢ ᠶᠢᠨ ᠦᠨᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠰᠢᠨ᠎ᠡ ᠬᠡᠯᠪᠡᠷᠢ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠢᠲᠡᠭᠡᠮᠵᠢ ᠬᠢᠭᠡᠳ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠢᠲᠡᠭᠡᠮᠵᠢ ᠪᠠᠷ ᠰᠠᠶᠢᠨ ᠠᠵᠤ ᠠᠬᠤᠶᠢᠯᠠᠯ ᠳᠤ ᠵᠠᠷᠴᠢᠮ ᠳᠡᠭᠡᠷ᠎ᠡ ᠪᠠᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠯᠲᠠ ᠬᠢᠬᠦ ᠥᠬᠡᠶ ᠪᠠᠶᠢᠵᠤ ᠂ ᠢᠯᠡᠴᠢᠯᠡᠨ ᠮᠡᠳᠡᠭᠦᠯᠵᠦ ᠵᠠᠭᠠᠯᠳᠤᠬᠤ᠂ ᠰᠢᠯᠵᠢᠭᠦᠯᠦᠨ ︵ᠲᠤᠰᠢᠶᠠᠬᠤ︶ ᠵᠡᠷᠭᠡ ᠰᠦᠪᠡᠭᠴᠢ ᠶᠢ ᠦᠨᠳᠦᠰᠦᠯᠡᠨ ︽ᠬᠡᠷᠡᠭ ᠶᠠᠪᠤᠳᠠᠯ ᠤᠨ ᠬᠦᠨᠳᠡᠭᠰᠡᠨ ᠮᠠᠶ᠋ᠢᠭ︾ ᠤᠨ ᠪᠠᠶᠢᠴᠠᠭᠠᠯᠲᠠ ᠶᠢ ᠬᠡᠷᠡᠭᠵᠢᠭᠦᠯᠦᠨ᠎ᠡ︔ ᠢᠲᠡᠭᠡᠮᠵᠢ ᠶᠢᠨ ᠲᠦᠭᠰᠢᠭᠦᠷᠢ ᠡᠩ ᠤᠨ ᠠᠵᠤ ᠠᠬᠤᠶᠢᠯᠠᠯ ᠳᠤ ᠡᠩ ᠤᠨ ᠬᠠᠷᠢᠴᠠᠯ ᠪᠠ ᠤᠳᠠᠭ᠎ᠠ ᠳᠠᠷᠠᠭ᠎ᠠ ᠪᠠᠷ ᠰᠤᠭᠤᠴᠢᠨ ᠪᠠᠶᠢᠴᠠᠭᠠᠯᠲᠠ ᠬᠢᠨ᠎ᠡ︔ ᠬᠠᠤᠯᠢ ᠠᠴᠠ ᠵᠥᠷᠢᠴᠡᠨ ᠢᠲᠡᠭᠡᠯ ᠠᠯᠳᠠᠭᠰᠠᠨ᠂ ᠲᠦᠭᠰᠢᠭᠦᠷᠢ ᠪᠠᠷ ᠨᠡᠯᠢᠶᠡᠳ ᠥᠨᠳᠥᠷ ᠠᠵᠤ ᠠᠬᠤᠶᠢᠯᠠᠯ ᠳᠤ ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠬᠠᠭᠤᠳᠠᠰᠤ ᠶᠢ ᠴᠢᠩᠭ᠎ᠠ ᠨᠠᠶᠢᠳᠠᠪᠤᠷᠢᠵᠢᠭᠤᠯᠤᠨ᠎ᠠ᠃    3. ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠭᠠᠶᠢᠯᠢ ᠲᠤᠰᠢᠶᠠᠬᠤ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠭᠠᠶᠢᠯᠢ ᠲᠤᠰᠢᠶᠠᠬᠤ ᠢᠲᠡᠭᠡᠮᠵᠢ ᠶᠢᠨ ᠳᠠᠬᠢᠨ ᠦᠨᠡᠯᠡᠬᠦ ᠳᠤ ᠨᠡᠶᠢᠴᠡᠬᠦ ᠭᠠᠶᠢᠯᠢ ᠲᠤᠰᠢᠶᠠᠭᠴᠢ ᠶᠢ ᠣᠨᠣᠪᠴᠢᠲᠠᠶ ᠪᠣᠯᠭᠠᠬᠤ ᠶᠢᠨ ᠬᠠᠮᠲᠤ ᠲᠣᠭᠲᠠᠭᠠᠵᠤ᠂ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠬᠠᠩᠭᠠᠨ᠎ᠠ᠃ ᠭᠠᠶᠢᠯᠢ ᠳᠤ ᠬᠤᠯᠪᠣᠭᠳᠠᠬᠤ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠲᠥᠷᠥᠯ ᠬᠤᠪᠢᠶᠠᠨ ᠦᠢᠯᠡᠴᠢᠯᠡᠬᠦ ᠪᠠ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ TSC5 ᠲᠠᠰ ᠤᠨ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠶᠢ ᠦᠷᠭᠦᠯᠵᠢᠯᠡᠨ ᠥᠷᠨᠢᠭᠦᠯᠵᠦ᠂ ᠨᠠᠩ ᠣᠯᠠᠨ ᠭᠠᠶᠢᠯᠢ ᠲᠤᠰᠢᠶᠠᠭᠴᠢ ᠶᠢᠨ ︽ᠢᠲᠡᠭᠡᠮᠵᠢ ᠪᠠᠷ ᠵᠢᠭᠡᠯᠡᠯᠭᠡ ᠰᠣᠯᠢᠬᠤ︾ ᠶᠢ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠪᠠ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ᠂ ᠠᠵᠢᠯ ᠣᠯᠭᠤᠯᠲᠠ ᠶᠢᠨ ᠨᠣᠷᠮ᠎ᠠ ᠥᠨᠳᠥᠷ᠂ ᠢᠲᠡᠭᠡᠮᠵᠢ ᠰᠠᠶᠢᠲᠠᠢ ᠠᠵᠤ ᠠᠬᠤᠶᠢᠯᠠᠯ ᠳᠤ ᠴᠢᠭᠯᠡᠭᠦᠯᠦᠨ᠂ ︽ᠢᠲᠡᠭᠡᠮᠵᠢ ᠶᠢᠨ ᠬᠠᠪᠰᠤᠷᠤᠮᠵᠢ︾ ᠦᠢᠯᠡᠴᠢᠯᠡᠭᠡ ᠬᠠᠩᠭᠠᠨ᠎ᠠ᠃    4. ᠢᠲᠡᠭᠡᠮᠵᠢ ᠶᠢᠨ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ᠲᠣᠰᠬᠠᠢ ᠮᠡᠷᠭᠡᠵᠢᠯᠳᠡᠨ ᠤ ᠢᠳᠡᠭᠡᠮᠵᠢ ᠶᠢᠨ ᠦᠨᠡᠯᠡᠬᠦ ᠠᠷᠭ᠎ᠠ ᠮᠠᠶ᠋ᠢᠭ ᠢ ᠵᠢᠷᠦᠮᠵᠢᠭᠤᠯᠵᠦ᠂ ᠬᠠᠷᠢᠶ᠎ᠠ ᠣᠷᠣᠨ ᠤ ᠳᠣᠳᠣᠷᠡᠬᠢ ᠪᠣᠬᠢᠷᠳᠦᠯ ᠭᠠᠳ᠋ᠬᠠᠰᠢᠯᠠᠭᠤᠯᠬᠤ ᠨᠢᠭᠡᠴᠡ ᠶᠢᠨ ᠣᠨ ᠤ ᠢᠳᠡᠭᠡᠮᠵᠢ ᠶᠢᠨ ᠳᠡᠰ ᠤᠨ ᠦᠨᠡᠯᠡᠬᠦ ᠠᠵᠢᠯ ᠢ ᠵᠤᠬᠢᠶᠡᠨ ᠪᠠᠶᠢᠭᠤᠯᠥᠨ ᠦᠷᠨᠢᠬᠦᠯᠥᠨ᠎ᠠ᠃ ᠰᠢᠨ᠎ᠡ ᠪᠠᠷ ᠪᠠᠶᠢᠭᠤᠯᠤᠭᠰᠠᠨ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠭᠡᠮᠯᠢᠭ ᠤᠨ ᠠᠵᠢᠯ ᠲᠥᠷᠥᠯ ᠤᠨ ᠣᠨᠴᠠᠯᠢᠭ ᠪᠠ ᠬᠤᠳᠠᠯᠳᠤᠭᠠᠴᠢᠳ ᠤᠨ ᠡᠪᠯᠡᠯ ᠤᠨ ᠪᠣᠳᠠᠲᠠᠶ ᠪᠠᠶᠢᠳᠠᠯ ᠢ ᠦᠨᠳᠦᠰᠦᠯᠡᠨ ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ ᠶᠢᠨ ᠳᠦᠷᠢᠮ ᠢ ᠲᠣᠭᠲᠠᠭᠠᠬᠤ ᠶᠢ ᠵᠢᠯᠣᠭᠤᠳᠤᠨ᠎ᠠ᠃ ᠠᠵᠤ ᠠᠬᠤᠶᠢᠯᠠᠯ ᠤᠨ ᠢᠲᠡᠭᠡᠮᠵᠢ ᠶᠢ ᠦᠨᠡᠯᠡᠭᠰᠡᠨ ᠦᠷ᠎ᠡ ᠳ᠋ᠦᠩ ᠪᠠ ᠲᠦᠭᠰᠢᠭᠦᠷᠢ ᠶᠢ ᠲᠥᠷᠥᠯ ᠬᠤᠪᠢᠶᠠᠭᠰᠠᠨ ᠦᠷ᠎ᠡ ᠳ᠋ᠦᠩ ᠢ ᠶᠡᠷᠦᠩᠬᠡᠶᠢᠯᠡᠨ ᠬᠡᠷᠡᠭᠯᠡᠬᠦ ᠶᠢ ᠴᠢᠩᠭᠠᠳᠬᠠᠨ᠎ᠠ᠃ ᠠᠵᠤ ᠠᠬᠤᠶ ᠶᠢᠨ ᠶᠠᠯ᠎ᠠ ᠬᠢᠬᠦ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠶᠠᠰᠤ ᠴᠢᠨᠠᠷ ᠢ ᠦᠨᠡᠯᠡᠨ ᠪᠠᠶᠢᠴᠠᠭᠠᠬᠤ ᠶᠢ ᠥᠷᠨᠢᠭᠦᠯᠦᠨ᠎ᠡ᠃ ᠢᠲᠡᠭᠡᠮᠵᠢ ᠶᠢᠨ ᠦᠨᠡᠯᠡᠯᠲᠡ ᠶᠢ ᠨᠠᠶᠢᠳᠠᠪᠤᠷᠢᠵᠢᠭᠤᠯᠵᠤ᠂ ᠦᠨᠡᠯᠡᠯᠲᠡ ᠶᠢᠨ ᠦᠷ᠎ᠡ ᠳ᠋ᠦᠩ ᠢ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠠᠪᠤᠴᠠ ᠳᠤ ᠥᠷᠭᠡᠨ ᠢᠶᠠᠷ ᠬᠡᠷᠡᠭᠯᠡᠬᠦ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠤ ᠱᠠᠳᠤ ᠲᠦᠷᠦᠯ ᠬᠤᠪᠢᠶᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    5. ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠨ ᠬᠡᠮᠵᠢᠯᠲᠡ ᠶᠢ ᠥᠷᠨᠢᠭᠦᠯᠦᠨ᠎ᠡ᠃ ᠬᠢᠨᠠᠨ ᠪᠤᠳᠤᠬᠤ ᠲᠥᠷᠥᠯ ᠵᠦᠶ᠋ᠯ ᠳᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠵᠤ ᠠᠬᠤᠶ ᠶᠢᠨ ᠬᠠᠷᠢᠭᠤᠴᠠᠯᠭ᠎ᠠ᠂ ᠲᠥᠰᠦᠪ ᠢ ᠭᠦᠶ᠋ᠴᠡᠳᠬᠡᠬᠦ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠵᠡᠷᠭᠡ ᠡᠯ᠎ᠡ ᠲᠥᠷᠥᠯ ᠬᠡᠯᠪᠡᠷᠢ ᠶᠢᠨ ᠬᠢᠨᠠᠨ ᠪᠤᠳᠤᠬᠤ ᠳᠤᠮᠳᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳᠦᠯᠲᠡᠶ ᠲᠥᠯᠥᠪᠵᠢᠭᠦᠯᠦᠨ ᠠᠩᠬᠠᠷᠪᠠ᠃   ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠳᠤᠴᠠ ᠶᠢ ᠲᠦᠷᠭᠡᠳᠬᠡᠬᠦ ᠠᠵᠢᠯᠯᠠᠭ᠎ᠠ    6. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠪᠦᠬᠦ ᠡᠯᠧᠮᠧᠨ᠋ᠲ ᠢ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠨᠢᠭᠡᠳᠦᠯᠲᠡᠶ ᠵᠢᠷᠤᠮᠵᠢᠯ ᠢ ᠪᠠᠶᠢᠭᠤᠯᠤᠨ᠎ᠠ᠃ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ︾ 13 ᠦᠢᠯᠡᠴᠢᠯᠡᠭᠡᠨ ᠤ ᠢᠵᠢ ᠬᠤᠭᠤᠯᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤ ᠶᠢ ᠪᠠᠶᠢᠭᠤᠯᠤᠨ ᠪᠦᠷᠢᠨᠰᠢᠭᠦᠯᠵᠦ᠂ ᠨᠢᠭᠤᠴᠠ ᠳᠤ ᠬᠤᠯᠪᠣᠭᠳᠠᠬᠤ ᠪᠠ ᠣᠨᠴᠠᠭᠠᠶ ᠬᠢᠨᠠᠨ ᠵᠥᠪᠰᠢᠶᠡᠷᠡᠬᠦ ᠲᠣᠭᠲᠠᠭᠠᠯ ᠠᠴᠠ ᠭᠠᠳᠠᠨᠠᠬᠢ ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠴᠣᠩᠬᠤᠪᠴᠢ ᠳᠤ ᠣᠷᠣᠭᠤᠯᠵᠤ᠂ ︽ᠡᠮᠦᠨ᠎ᠡ ᠲᠠᠪᠴᠠᠩ ᠳᠤ ᠶᠡᠷᠦᠩᠬᠡᠶᠢᠯᠡᠭᠰᠡᠨ ᠪᠢᠴᠢᠭ ᠮᠠᠲ᠋ᠧᠷᠢᠶᠠᠯ ᠢ ᠬᠤᠷᠢᠶᠠᠨ ᠠᠪᠬᠤ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠶᠢ ᠪᠡᠶᠡᠯᠡᠭᠦᠯᠵᠦ᠂ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠲᠦᠭᠰᠢᠭᠦᠷᠢ ᠶᠢ ᠡᠵᠡᠮᠳᠡᠵᠦ ᠪᠣᠯᠬᠤ᠂ ᠪᠤᠷᠤᠭᠤ ᠶᠢ ᠵᠠᠯᠠᠷᠠᠭᠤᠯᠬᠤ ᠥᠪᠡᠷ ᠤᠨ ᠥᠷᠲᠡᠭ ᠨᠢ ᠳᠣᠤᠷ᠎ᠠ ᠮᠥᠷᠲᠡᠭᠡᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ ᠳᠡᠶᠢᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ᠂ ︽ᠠᠮᠠᠯᠳᠠᠭᠰᠠᠨ ᠢ ᠮᠡᠳᠡᠭᠳᠡᠵᠦ ᠳᠤᠲᠠᠭᠤ ᠶᠢ ᠭᠦᠢᠴᠡᠳᠬᠡᠬᠦ︾ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯᠧᠺᠳ᠋ᠷᠣᠨ ᠬᠢᠨᠠᠨ ᠪᠠᠶᠢᠴᠠᠭᠠᠬᠤ ᠰᠢᠰᠲ᠋ᠧᠮ ᠢ ᠬᠡᠷᠡᠭᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠳᠤ ᠰᠦᠯᠵᠢᠶᠡᠨ ᠳᠡᠭᠡᠷ᠎ᠡ ᠬᠢᠨᠠᠯᠲᠠ ᠲᠠᠯᠪᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠳᠦᠭᠡᠷ ᠹᠷᠣᠨᠲ ᠤᠨ ᠠᠵᠢᠯᠲᠠᠨ ᠢ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠬᠤ ᠪᠠ ᠲᠤᠬᠠᠶᠢᠯᠠᠭᠰᠠᠨ ᠠᠵᠢᠯ ᠤᠨ ᠰᠢᠯᠭᠠᠨ ᠬᠢᠨᠠᠬᠤ ᠶᠢ ᠴᠢᠩᠭᠠᠳᠬᠠᠵᠤ᠂ ᠠᠵᠢᠯᠲᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠴᠤᠪᠤᠷᠠᠯ᠂ ᠬᠡᠷᠡᠭᠰᠡᠬᠦ ᠮᠠᠲ᠋ᠧᠷᠢᠶᠠᠯ᠂ ᠰᠢᠢᠳᠪᠦᠷᠢᠯᠡᠵᠦ ᠳᠠᠭᠤᠰᠬᠠᠬᠤ ᠴᠠᠭ ᠬᠤᠭᠤᠴᠠᠭ᠎ᠠ ᠵᠡᠷᠭᠡ ᠳᠤ ᠨᠠᠷᠢᠨ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠢᠯᠡ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠦᠶ᠋ᠯᠡᠴᠢᠯᠡᠭᠡᠨ ᠤ ᠵᠦᠶ᠋ᠯᠡᠰ ᠤᠨ ᠬᠠᠨᠤᠮᠵᠢ ᠶᠢᠨ ᠬᠡᠮᠵᠢᠶ᠎ᠡ ᠶᠢ ᠦᠨᠡᠯᠡᠬᠦ ᠠᠭᠤᠯᠭ᠎ᠠ ᠶᠢ ᠲᠡᠭᠦᠯᠳᠡᠷᠵᠢᠭᠦᠯᠵᠦ᠂ ᠦᠨᠡᠯᠡᠭᠰᠡᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ︽ᠰᠠᠶᠢᠨ ᠮᠠᠭᠤ ᠦᠨᠡᠯᠡᠯᠲᠡ︾ ᠶᠢᠨ ᠦᠷ᠎ᠡ ᠳ᠋ᠦᠩ ᠢ ᠡᠯ᠎ᠡ ᠰᠠᠯᠠᠭ᠎ᠠ ᠮᠥᠴᠢᠷ᠂ ᠬᠤᠪᠢ ᠬᠥᠮᠦᠨ ᠤ ᠣᠨ ᠤ ᠰᠢᠯᠭᠠᠨ ᠬᠢᠨᠠᠬᠤ ᠲᠠᠢ ᠬᠠᠷᠢᠯᠴᠠᠨ ᠤᠶᠠᠯᠳᠤᠭᠤᠯᠵᠤ᠂ ᠪᠥᠬᠦ ᠰᠢᠶᠠᠨ ᠪᠠ ᠡᠯ᠎ᠡ ᠰᠠᠯᠠᠭ᠎ᠠ ᠮᠥᠴᠢᠷ ᠤᠨ ᠨᠢᠭᠡᠳᠦᠭᠡᠷ ᠹᠷᠣᠨᠲ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠶ᠋ᠴᠡᠳᠬᠡᠬᠦ ᠶᠢ ᠠᠬᠢᠭᠤᠯᠵᠤ᠂ ᠦᠶ᠋ᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠤᠨ ᠦᠷ᠎ᠡ ᠳ᠋ᠦᠩ ᠤᠨ ︽ᠬᠤᠶᠠᠷ ᠢ ᠢᠯᠡ ᠨᠡᠶᠢᠲᠡᠯᠡᠬᠦ︾ ᠠᠵᠢᠯ ᠢ ᠪᠦᠬᠦᠨ ᠢ ᠬᠠᠮᠤᠷᠬᠤ ᠶᠢ ᠠᠬᠢᠭᠤᠯᠬᠤ ᠶᠢᠨ ᠬᠠᠮᠲᠤ ︽ᠬᠤᠶᠠᠷ ᠢ ᠢᠯᠡ ᠨᠡᠶᠢᠲᠡᠯᠡᠬᠦ︾ ᠶᠢ ᠪᠥᠬᠦ ᠲᠠᠯ᠎ᠠ ᠪᠠᠷ ᠥᠷᠭᠡᠳᠬᠡᠨ ︽ᠠᠷᠪᠠ ᠶᠢ ᠢᠯᠡ ᠨᠡᠶᠢᠲᠡᠯᠡᠬᠦ︾ ᠪᠣᠯᠭᠠᠪᠠ᠃    7. ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠳᠠᠬᠢᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠭᠤᠰᠤᠯᠴᠠᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠵᠤ᠂ ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ᠂ ᠳᠤᠲᠠᠭᠳᠠᠵᠤ ᠪᠠᠶᠢᠭ᠎ᠠ ᠵᠦᠢᠯᠡᠰ ᠢ ᠠᠮᠠᠯᠳᠠᠨ ᠭᠦᠢᠴᠡᠳᠬᠡᠬᠦ᠂ ᠣᠨᠳᠣᠤ ᠭᠠᠵᠠᠷ ᠤᠨ ᠵᠦᠢᠯᠡᠰ ᠢ ᠪᠥᠬᠦ ᠣᠷᠣᠨ ᠳᠤ ᠭᠦᠢᠴᠡᠳᠭᠡᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠳᠤ ᠴᠢᠳᠠᠪᠤᠷᠢ ᠣᠯᠭᠤᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠥᠷᠭᠡᠴᠡ ᠬᠢᠭᠡᠳ ᠭᠦᠨᠴᠡ ᠶᠢ ᠥᠷᠭᠡᠳᠬᠡᠵᠦ᠂ ᠦᠢᠯᠡᠴᠢᠯᠡᠭᠡᠨ ᠤ ᠠᠷᠭ᠎ᠠ ᠵᠠᠮ ᠢ ᠬᠠᠮᠤᠭ ᠤᠨ ᠶᠡᠭᠡ ᠬᠡᠮᠵᠢᠶ᠎ᠡ ᠪᠠᠷ ᠥᠷᠭᠡᠳᠬᠡᠵᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠵᠦ᠂ ᠰᠦᠯᠵᠢᠶᠡᠨ ᠭᠠᠳᠠᠨᠠᠬᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠤᠨ ᠬᠡᠷᠡᠭᠯᠡᠭᠡᠨ ᠤ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ ᠣᠨᠴᠠᠯᠢᠭᠲᠤ ᠬᠡᠷᠡᠭᠯᠡᠯᠲᠡ ᠵᠢᠴᠢ ᠭᠤᠤᠯ ᠰᠡᠳᠦᠪᠲᠦ ᠦᠢᠯᠡᠴᠢᠯᠡᠭᠡᠨ ᠤ ᠲᠤᠰᠬᠠᠶ ᠪᠤᠯᠤᠩ ᠢ ︽ᠵᠣᠯᠭᠠᠭᠤᠯᠬᠤ ᠶᠣᠰᠣᠲᠠᠶ ᠶᠢ ᠨᠢ ᠪᠦᠬᠦᠨ ᠢ ᠵᠣᠯᠭᠠᠭᠤᠯᠬᠤ᠂ ᠭᠠᠷᠭᠠᠪᠠᠰᠤ ᠵᠣᠬᠢᠬᠤ ᠶᠢ ᠨᠢ ᠪᠦᠬᠦᠨ ᠢ ᠣᠷᠣᠭᠤᠯᠬᠤ︾ ᠶᠢ ᠠᠬᠢᠭᠤᠯᠵᠤ᠂ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠭᠡᠬᠦ ᠥᠩᠭᠡᠷᠡᠯᠲᠡ ᠶᠢ ᠳᠡᠭᠡᠭᠰᠢᠯᠡᠭᠦᠯᠦᠨ᠎ᠡ᠃ ︽ᠮᠣᠩᠭᠤᠯ︾ ᠦᠰᠦᠭ ᠲᠡᠮᠳᠡᠭ ᠤᠨ ᠭᠡᠷᠡᠴᠢᠯᠡᠭᠡ ᠪᠠᠷ ᠬᠥᠲᠥᠯᠦᠮᠵᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠨᠠᠩ ᠣᠯᠠᠨ ᠥᠨᠳᠥᠷ ᠳᠠᠪᠲᠠᠮᠵᠢᠲᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ᠂ ᠠᠯᠠᠭᠠᠨ ᠳᠡᠭᠡᠷ᠎ᠡ ᠪᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠭᠦᠢᠴᠡᠳᠭᠡᠬᠦ ᠳᠤ ᠠᠮᠠᠷᠬᠠᠨ ᠪᠠᠶᠢᠭᠰᠠᠨ ᠠᠴᠠ ᠭᠦᠢᠴᠡᠳᠭᠡᠬᠦ ᠳᠤ ᠠᠮᠠᠷᠬᠠᠨ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃  ︵ᠭᠤᠷᠪᠠ︶ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠠᠵᠢᠯᠯᠠᠭ᠎ᠠ   8 . ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠲᠣᠮᠣ ᠳ᠋ᠠᠶᠢᠲ᠋ᠠ ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠢ ᠬᠡᠷᠡᠭᠯᠡᠨ ᠲᠤᠬᠠᠶ ᠶᠢᠨ ᠲᠠᠯᠠᠪᠤᠷ ᠤᠨ ᠪᠤᠰᠤ ᠪᠠᠶᠢᠴᠠᠭᠠᠯᠲᠠ ᠬᠢᠵᠦ᠂ ︽ᠠᠯᠤᠰ ᠠᠴᠠ ᠬᠠᠮᠢᠶᠠᠷᠬᠤ︾ ︽ᠡᠷᠲᠡ ᠬᠠᠮᠢᠶᠠᠷᠬᠤ︾ ᠶᠢ ᠪᠡᠶᠡᠯᠡᠭᠦᠯᠵᠦ᠂ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠨᠢ ᠵᠢᠱᠢᠭᠰᠡᠨ ᠬᠢᠨᠠᠨ ᠬᠠᠮᠢᠶᠠᠷᠤᠯᠲᠠ ᠶᠢᠨ ᠬᠠᠷᠠᠯᠲᠠ ᠪᠠ ᠦᠷ᠎ᠡ ᠪᠦᠲᠦᠮᠵᠢ ᠶᠢ ᠪᠡᠶᠡᠯᠡᠭᠦᠯᠵᠦ ᠴᠢᠳᠠᠭᠰᠠᠨ ᠪᠠᠶᠢᠪᠠᠯ᠂ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠥᠷᠨᠢᠭᠦᠯᠬᠦ ᠤᠳᠠᠭ᠎ᠠ ᠶᠢ ᠪᠠᠭᠠᠰᠬᠠᠨ᠎ᠠ᠃ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠵᠣᠯᠭᠠᠯᠴᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠪᠠ ᠬᠡᠷᠡᠭᠯᠡᠬᠦ ᠶᠢ ᠠᠬᠢᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠬᠡᠯᠬᠢᠶ᠎ᠡ ᠶᠢ ᠪᠠᠶᠢᠭᠤᠯᠵᠤ᠂ ᠡᠵᠡᠩᠨᠡᠯᠲᠡ ᠶᠢᠨ ᠭᠤᠤᠯ ᠴᠣᠭᠴᠠ ᠳᠤ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ︽ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠶᠢ ᠠᠬᠢᠭᠤᠯᠵᠤ᠂ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠵᠠᠭᠤᠴᠢᠯᠠᠬᠤ ᠦᠢᠯᠡᠴᠢᠯᠡᠭᠡᠨ ᠤ ᠭᠦᠢᠴᠡᠳᠬᠡᠬᠦ ᠨᠥᠬᠦᠴᠡᠯ᠂ ᠴᠤᠪᠤᠷᠠᠯ᠂ ᠴᠠᠭ ᠬᠤᠭᠤᠴᠠᠭ᠎ᠠ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ ᠨᠡᠶᠢᠭᠡᠮ ᠳᠤ ᠢᠯᠡ ᠪᠠᠷ ᠭᠦᠢᠴᠡᠳᠬᠡᠯᠭᠡᠵᠦ᠂ ᠵᠠᠭᠤᠴᠢᠯᠠᠬᠤ ᠪᠠᠶᠢᠭᠤᠯᠤᠮᠵᠢ ᠶᠢᠨ ᠦᠨᠡᠨᠴᠢ ᠢᠲᠡᠭᠡᠮᠵᠢ ᠶᠢᠨ ᠪᠠᠶᠢᠳᠠᠯ ᠢ ᠣᠨ ᠤ ᠪᠠᠶᠢᠴᠠᠭᠠᠬᠤ ᠣᠨ ᠤ ᠬᠢᠨᠠᠯᠲᠠ ᠲᠠᠯᠪᠢᠬᠤ᠂ ᠪᠠᠩᠬᠢ ᠳᠤ ᠢᠲᠡᠭᠡᠮᠵᠢ ᠣᠯᠭᠤᠬᠤ᠂ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠯᠦᠭᠡ ᠬᠤᠯᠪᠣᠭᠳᠠᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠵᠠᠭᠤᠴᠢ ᠪᠠᠶᠢᠭᠤᠯᠤᠮᠵᠢ ᠶᠢᠨ ᠭᠠᠭᠴᠠᠭᠠᠷ ᠡᠵᠡᠮᠰᠢᠬᠦ ᠦᠢᠯᠡᠴᠢᠯᠡᠭᠡ᠂ ᠵᠠᠭᠤᠴᠢ ᠪᠠᠶᠢᠭᠤᠯᠤᠮᠵᠢ ᠶᠢᠨ ᠠᠯᠪᠠᠳᠠᠯᠭ᠎ᠠ ᠶᠢᠨ ᠦᠢᠯᠡᠴᠢᠯᠡᠭᠡ ᠵᠡᠷᠭᠡ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠦᠨ᠎ᠡ᠃   9. ᠨᠢᠭᠡ ᠴᠣᠭᠴᠠᠵᠢᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠢᠳᠡᠪᠬᠢᠲᠡᠶ ᠠᠬᠢᠭᠤᠯᠬᠤ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ᠂ ᠡᠮ ᠤᠨ ᠵᠦᠢᠯᠡᠰ᠂ ᠰᠢᠲᠠᠮᠠᠬᠠᠶ ᠬᠡᠢ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠵᠡᠷᠭᠡ ᠬᠦᠷᠢᠶ᠎ᠡ ᠴᠠᠷᠠᠭ᠎ᠠ ᠳᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠥᠷᠨᠢᠭᠦᠯᠬᠦ ᠶᠢ ᠠᠬᠢᠭᠤᠯᠵᠤ᠂ ︽ᠨᠢᠭᠡ ᠤᠳᠠᠭ᠎ᠠ ᠡᠭᠦᠳᠡ ᠪᠠᠷ ᠣᠷᠣᠵᠤ᠂ ᠣᠯᠠᠨ ᠵᠦᠢᠯ ᠤᠨ ᠶᠠᠪᠤᠳᠠᠯ ᠢ ᠪᠠᠶᠢᠴᠠᠭᠠᠵᠤ︾᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠨ ᠬᠠᠷᠢᠯᠴᠠᠨ ᠮᠡᠳᠡᠷᠡᠭᠰᠡᠨ ᠪᠠ ᠦᠷ᠎ᠡ ᠳ᠋ᠦᠩ ᠢ ᠬᠠᠮᠲᠤᠪᠠᠷ ᠡᠳᠯᠡᠬᠦ ᠶᠢ ᠪᠡᠶᠡᠯᠡᠭᠦᠯᠦᠨ᠎ᠡ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠳᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ︽ᠨᠢᠭᠡ ᠨᠠᠷᠢᠨ ᠬᠠᠭᠤᠳᠠᠰᠤ︾᠂ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ︽ᠨᠢᠭᠡ ᠰᠦᠯᠵᠢᠶ᠎ᠡ︾᠂ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢᠨ ︽ᠨᠢᠭᠡ ᠵᠢᠷᠤᠭ︾ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ︽ᠲᠦᠭᠰᠢᠭᠦᠷᠢ ᠶᠢᠨ ᠢᠲᠡᠭᠡᠮᠵᠢ︾ ᠶᠢ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ︽ᠨᠢᠭᠡ ᠠᠵᠢᠯ ᠲᠥᠷᠥᠯ ᠳᠤ ᠨᠢᠭᠡ ᠳᠡᠪᠲᠡᠷ︾ ᠢ ᠮᠡᠳᠡᠭᠳᠡᠬᠦ ᠲᠦᠷᠢᠮ ᠢ ᠢᠳᠡᠪᠬᠢᠲᠡᠶ ᠬᠡᠷᠡᠭᠵᠢᠭᠦᠯᠵᠦ᠂ ᠨᠢᠭᠡ ᠲᠥᠷᠥᠯ ᠤᠨ ᠠᠵᠢᠯ ᠲᠥᠷᠥᠯ ᠳᠤ ᠨᠢᠭᠡ ᠳᠡᠪᠲᠡᠷ ᠲᠣᠭᠲᠠᠭᠠᠯ ᠳᠤ ᠨᠡᠶᠢᠴᠡᠬᠦ ᠡᠵᠡᠩᠨᠡᠯᠲᠡ ᠶᠢᠨ ᠵᠦᠭᠯᠡᠭᠦᠷ ᠲᠣᠭᠲᠠᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠲᠣᠭᠲᠠᠭᠠᠯ ᠳᠤ ᠨᠡᠶᠢᠴᠡᠬᠦ ᠡᠵᠡᠩᠨᠡᠯᠲᠡ ᠶᠢᠨ ᠱᠠᠭᠠᠷᠳᠠᠯᠭ᠎ᠠ ᠶᠢ ᠨᠢᠭᠡ ᠯᠡ ᠤᠳᠠᠭ᠎ᠠ ᠳᠤ ᠮᠡᠳᠡᠭᠳᠡᠨ᠎ᠡ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠶ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠨᠢᠭᠡᠳᠦᠯᠲᠡᠶ ᠰᠢᠰᠲ᠋ᠧᠮ ᠢ ᠪᠥᠬᠦ ᠲᠠᠯ᠎ᠠ ᠪᠠᠷ ᠪᠠᠶᠢᠷᠢᠯᠠᠭᠤᠯᠤᠨ ᠬᠡᠷᠡᠭᠯᠡᠵᠦ᠂ ︽ᠨᠢᠭᠡ ᠬᠡᠷᠡᠭ ᠲᠤ ᠨᠢᠭᠡ ᠨᠣᠮᠧᠷ︾ ᠢ ᠬᠡᠷᠡᠭᠵᠢᠭᠦᠯᠦᠨ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠪᠠ ᠴᠤᠪᠤᠷᠠᠯ ᠢ ᠵᠢᠷᠤᠮᠵᠢᠭᠤᠯᠪᠠ     ᠬᠤᠶᠠᠷ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠦᠨᠡᠨᠬᠦ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠲᠠᠪᠤᠨ ᠶᠡᠭᠡ ᠠᠵᠢᠯᠯᠠᠭ᠎ᠠ︾ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠥᠰᠦᠯ ᠳᠤ ᠲᠣᠭᠲᠠᠭᠠᠭᠰᠠᠨ ᠬᠠᠷᠠᠯᠲᠠ ᠪᠣᠯᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠤᠷᠢᠨ ᠳᠤ᠂ ᠲᠦᠷᠦᠯ ᠵᠦᠢᠯᠴᠢᠯᠡᠭᠰᠡᠨ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠵᠢᠯ ᠤᠨ ᠭᠤᠤᠯᠳᠠᠯᠭ᠎ᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠯᠭᠠᠭᠤᠯᠵᠤ ᠢᠵᠢ ᠪᠦᠷᠢᠳᠦᠭᠦᠯᠬᠦ ᠶᠢ ᠴᠢᠩᠭᠠᠳᠬᠠᠬᠤ ᠬᠡᠷᠡᠭᠲᠡᠶ᠃ ᠠᠵᠢᠯ ᠤᠨ ᠪᠠᠶᠢᠳᠠᠯ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠴᠠ ᠶᠢ ᠪᠠᠶᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠥᠭᠡᠷᠡᠴᠢᠯᠡᠯᠲᠡ ᠶᠢ ᠠᠬᠢᠭᠤᠯᠬᠤ ᠳᠤᠮᠳᠠᠬᠢ ᠴᠢᠬᠤᠯᠠ ᠶᠡᠭᠡ ᠪᠠᠶᠢᠳᠠᠯ᠂ ᠴᠢᠬᠤᠯᠠ ᠶᠡᠭᠡ ᠠᠬᠢᠴᠠ ᠪᠠ ᠣᠷᠣᠰᠢᠵᠤ ᠪᠠᠶᠢᠭ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃ ᠵᠣᠷᠢᠭ ᠲᠠᠢ ᠪᠠᠷ ᠲᠤᠷᠰᠢᠬᠤ᠂ ᠵᠣᠷᠢᠭ ᠲᠠᠢ ᠪᠠᠷ ᠬᠢᠬᠦ᠂ ᠪᠡᠶ᠎ᠡ ᠪᠠᠨ ᠳᠠᠭᠠᠭᠠᠵᠤ ᠥᠭᠡᠷᠡᠴᠢᠯᠡᠬᠦ ᠶᠢ ᠵᠣᠷᠢᠭᠵᠢᠭᠤᠯᠵᠤ᠂ ᠬᠠᠤᠯᠢ ᠪᠠᠷ ᠵᠠᠰᠠᠬᠤ ᠪᠣᠷᠣ ᠲᠥᠯᠥᠪ ᠤᠨ ᠳᠣᠲᠣᠷ᠎ᠠ ᠤᠤᠭᠠᠯ ᠴᠢᠨᠠᠷᠲᠠᠶ᠂ ᠵᠦᠷᠢᠶᠡᠴᠢᠯᠡᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ᠡᠯ᠎ᠡ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠲᠡᠷᠢᠭᠦᠨ ᠤ ᠲᠤᠷᠰᠢᠯᠭ᠎ᠠ ᠪᠠ ᠰᠢᠨ᠎ᠡ ᠶᠢ ᠡᠭᠦᠳᠦᠭᠰᠡᠨ ᠦᠢᠯᠡᠳᠦᠯᠭᠡ ᠶᠢ ᠳ᠋ᠦᠩᠨᠡᠬᠦ ᠶᠢ ᠴᠢᠬᠤᠯᠠᠴᠢᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠶᠢ ᠪᠤᠢ ᠪᠣᠯᠭᠠᠨ ᠵᠢᠷᠤᠮᠯᠠᠨ ᠳᠠᠭᠠᠵᠤ ᠳᠡᠯᠭᠡᠷᠡᠭᠦᠯᠦᠨ᠂ ᠡᠯ᠎ᠡ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠥᠭᠡᠷᠡᠴᠢᠯᠡᠯᠲᠡ ᠶᠢ ᠠᠬᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠨ ᠳᠠᠶᠢᠴᠢᠯᠠᠵᠤ᠂ ᠨᠢᠭᠡ ᠪᠦᠯᠦᠭ ᠤᠤᠭᠠᠯ ᠡᠭᠦᠳᠦᠯᠲᠡ ᠶᠢᠨ ᠴᠢᠨᠠᠷᠲᠠᠶ᠂ ᠵᠦᠷᠢᠶᠡᠴᠢᠯᠡᠭᠰᠡᠨ ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢ ᠪᠣᠶ ᠪᠣᠯᠭᠠᠨ᠎ᠠ᠃ ᠤᠯᠠᠨ ᠵᠦᠢᠯ ᠤᠨ ᠬᠡᠯᠪᠡᠷᠢ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠬᠠᠭᠤᠯᠤᠨ ᠮᠡᠳᠡᠭᠡᠯᠡᠬᠦ ᠶᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠮᠡᠳᠡᠷᠡᠬᠦ ᠬᠦᠴᠦᠨ ᠪᠠ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ︽ᠬᠥᠮᠦᠨ ᠪᠦᠬᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠮᠥᠨ᠂ ᠶᠠᠪᠤᠳᠠᠯ ᠪᠦᠬᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠬᠤᠯᠪᠣᠭᠳᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2