ᠯᠢᠶᠠᠩᠴᠧᠩ ᠰᠢᠶᠠᠨ ᠤ 2025 ᠣᠨ ᠤ ᠴᠡᠷᠢᠭ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2024/12/3
   ᠬᠠᠤᠯᠢ ᠶᠣᠰᠣᠭᠠᠷ ᠴᠡᠷᠢᠭ ᠤᠨ ᠠᠯᠪᠠ ᠬᠠᠭᠠᠬᠤ ᠪᠣᠯ ᠵᠣᠬᠢᠬᠤ ᠨᠠᠰᠤᠨ ᠤ ᠵᠠᠯᠠᠭᠤᠴᠤᠳ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠮᠥᠨ᠂ ᠪᠠᠰᠠ ᠴᠤ ᠵᠠᠯᠠᠭᠤᠴᠤᠳ ᠤᠨ ᠠᠮᠢᠳᠤᠷᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢᠨ ᠰᠢᠨ᠎ᠡ ᠭᠠᠷᠤᠭ᠎ᠠ ᠮᠥᠨ᠂ ᠴᠡᠷᠢᠭ ᠤᠨ ᠠᠮᠢᠳᠤᠷᠠᠯ ᠪᠣᠯ ᠲᠠᠨ ᠳᠤ ᠢᠷᠠᠭᠤ ᠰᠠᠶᠢᠬᠠᠨ ᠵᠠᠯᠠᠭᠤ ᠨᠠᠰᠤᠨ ᠤ ᠠᠶᠠᠨ ᠢᠶᠠᠨ ᠡᠬᠢᠯᠡᠭᠦᠯᠬᠦ ᠪᠣᠯᠤᠨ᠎ᠠ᠃ 2025 ᠣᠨ ᠤ ᠳᠡᠭᠡᠷ᠎ᠡ ᠬᠠᠭᠠᠰ ᠵᠢᠯ ᠳᠤ ᠴᠡᠷᠢᠭ ᠡᠯᠰᠡᠬᠦ ᠪᠦᠷᠢᠶ᠎ᠡ ᠨᠢᠭᠡᠨᠲᠡ ᠴᠤᠤᠷᠢᠶᠠᠲᠤᠵᠤ᠂ ᠯᠢᠶᠠᠩᠴᠧᠩ ᠰᠢᠶᠠᠨ ᠤ ᠡᠷᠦᠬᠡ ᠠᠮᠠ ᠶᠢᠨ ᠲᠠᠩᠰᠠ ᠶᠢᠨ ᠵᠣᠬᠢᠬᠤ ᠨᠠᠰᠤᠨ ᠤ ᠵᠠᠯᠠᠭᠤᠴᠤᠳ ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ ︵http://www.gfbzb.gov.cn︶᠎ ᠳᠤ ᠣᠷᠣᠵᠤ ᠢᠳᠡᠪᠬᠢᠲᠡᠶ ᠪᠠᠷ ᠨᠡᠷ᠎ᠡ ᠮᠡᠳᠡᠭᠦᠯᠵᠦ ᠴᠡᠷᠢᠭ ᠲᠤ ᠣᠷᠣᠬᠤ ᠶᠢ ᠪᠠᠶᠠᠷᠯᠠᠨ ᠤᠭᠲᠤᠨ᠎ᠠ᠃    ᠨᠢᠭᠡ᠂ ᠴᠡᠷᠢᠭ ᠡᠯᠰᠡᠬᠦ ᠴᠠᠭ ᠨᠢ 2025 ᠣᠨ ᠤ ᠪᠥᠬᠦ ᠤᠯᠤᠰ ᠤᠨ ᠴᠡᠷᠢᠭ ᠡᠯᠰᠡᠬᠦ ᠳᠤ ᠨᠡᠷ᠎ᠡ ᠮᠡᠳᠡᠭᠦᠯᠬᠦ ᠴᠠᠭ᠄ ᠪᠥᠬᠦ ᠤᠯᠤᠰ ᠤᠨ ᠴᠡᠷᠢᠭ ᠡᠯᠰᠡᠬᠦ ︵ᠡᠷᠡᠭᠲᠡᠶ ᠴᠡᠷᠢᠭ︶ 2025 ᠣᠨ ᠤ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠴᠠᠭ᠄ ᠳᠡᠭᠡᠷ᠎ᠡ ᠬᠠᠭᠠᠰ ᠵᠢᠯ ᠳᠤ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠴᠠᠭ᠄ 2024 ᠣᠨ ᠤ 12 ᠰᠠᠷ᠎ᠠ ᠶᠢᠨ 1᠎ ᠤ ᠡᠳᠦᠷ ᠠᠴᠠ 2025 ᠣᠨ ᠤ 2 ᠰᠠᠷ᠎ᠠ ᠶᠢᠨ 10᠎ ᠤ ᠡᠳᠦᠷ ᠤᠨ 24 ᠴᠠᠭ ᠪᠣᠯᠲᠠᠯ᠎ᠠ᠃ ᠳᠣᠣᠷ᠎ᠠ ᠬᠠᠭᠠᠰ ᠵᠢᠯ ᠳᠤ ᠴᠡᠷᠢᠭ ᠲᠤ ᠨᠡᠷ᠎ᠡ ᠮᠡᠳᠡᠭᠦᠯᠬᠦ᠄ 2024 ᠣᠨ ᠤ 12 ᠰᠠᠷ᠎ᠠ ᠶᠢᠨ 1᠎ ᠠᠴᠠ 2025 ᠣᠨ ᠤ 8 ᠰᠠᠷ᠎ᠠ ᠶᠢᠨ 10᠎ ᠤ ᠡᠳᠦᠷ ᠤᠨ 24 ᠴᠠᠭ᠃ ᠪᠥᠬᠦ ᠤᠯᠤᠰ ᠤᠨ ᠴᠡᠷᠢᠭ ᠡᠯᠰᠡᠬᠦ ︵ᠡᠮᠡᠭᠲᠡᠶ ᠴᠡᠷᠢᠭ︶ 2025 ᠣᠨ ᠤ ᠡᠯᠰᠡᠭᠳᠡᠬᠦ ᠨᠡᠷ᠎ᠡ ᠮᠡᠳᠡᠭᠦᠯᠬᠦ ᠴᠠᠭ᠄ ᠳᠡᠭᠡᠷ᠎ᠡ ᠬᠠᠭᠠᠰ ᠵᠢᠯ ᠤᠨ ᠡᠯᠰᠡᠭᠳᠡᠬᠦ ᠨᠡᠷ᠎ᠡ ᠮᠡᠳᠡᠭᠦᠯᠦᠨ᠎ᠡ᠄ 2025 ᠣᠨ ᠤ 1 ᠰᠠᠷ᠎ᠠ ᠶᠢᠨ 1᠎ ᠤ ᠡᠳᠦᠷ ᠠᠴᠠ 2025 ᠣᠨ ᠤ 2 ᠰᠠᠷ᠎ᠠ ᠶᠢᠨ 10᠎ ᠤ ᠡᠳᠦᠷ ᠤᠨ 24 ᠴᠠᠭ ᠪᠣᠯᠲᠠᠯ᠎ᠠ᠃ ᠳᠣᠤᠷ᠎ᠠ ᠬᠠᠭᠠᠰ ᠵᠢᠯ ᠤᠨ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠦᠯᠲᠡ᠄ 2025 ᠣᠨ ᠤ 7 ᠰᠠᠷ᠎ᠠ ᠶᠢᠨ 1᠎ ᠤ ᠡᠳᠦᠷ ᠠᠴᠠ 2025 ᠣᠨ ᠤ 8 ᠰᠠᠷ᠎ᠠ ᠶᠢᠨ 10᠎ ᠤ ᠡᠳᠦᠷ ᠤᠨ 24 ᠴᠠᠭ᠃    ᠬᠤᠶᠠᠷ᠂ ᠡᠯᠰᠡᠬᠦ ᠡᠳᠡᠬᠡᠳ ᠤᠨ ᠬᠢᠨ ᠡᠷᠡᠭᠳᠡᠢ ᠴᠡᠷᠢᠭ ᠡᠯᠰᠡᠬᠦ ᠡᠳᠡᠬᠡᠳ᠄ ᠳᠡᠬᠡᠳᠤ ᠵᠡᠷᠬᠡ ᠶᠢᠨ ᠳᠤᠮᠳᠠᠳᠤ ᠰᠤᠷᠭᠠᠭᠤᠯᠢ ︵ᠳᠤᠮᠳᠠ ᠵᠡᠷᠬᠡ ᠶᠢᠨ ᠳᠤᠰᠬᠠᠢ ᠮᠡᠷᠬᠡᠵᠢᠯ᠂ ᠠᠵᠢᠯ ᠮᠡᠷᠬᠡᠵᠢᠯ ᠤᠨ ᠳᠡᠬᠡᠳᠤ ᠵᠡᠷᠬᠡ ᠶᠢᠨ ᠪᠠ ᠮᠡᠷᠬᠡᠵᠢᠯ ᠤᠨ ᠰᠤᠷᠭᠠᠭᠤᠯᠢ ᠳᠡᠬᠦᠰᠦᠭᠰᠡᠨ ᠰᠤᠷᠤᠭᠴᠢ ᠪᠠᠭᠳᠠᠨ᠎ᠠ︶᠂ ᠪᠦᠬᠦᠯᠢ 18᠎ ᠠᠴᠠ 22 ᠪᠦᠬᠦᠯᠢ ᠨᠠᠰᠤ ︵2003 ᠤᠨ ᠤ 1 ᠰᠠᠷ᠎ᠠ ᠶᠢᠨ 1᠎ ᠤ ᠡᠳᠦᠷ ᠠᠴᠠ 2007 ᠤᠨ ᠤ 12 ᠰᠠᠷ᠎ᠠ ᠶᠢᠨ 31᠎ ᠤ ᠡᠳᠤᠷ ᠪᠤᠯᠳᠠᠯ᠎ᠡ ᠲᠦᠷᠦᠵᠡᠢ︶︔ ᠡᠩ ᠤᠨ ᠳᠡᠬᠡᠳᠤ ᠵᠡᠷᠬᠡ ᠶᠢᠨ ᠰᠤᠷᠭᠠᠭᠤᠯᠢ ᠶᠢᠨ ᠵᠢᠩᠬᠢᠨᠢ ᠠᠩᠬᠢ ᠪᠠ ᠳᠤᠰᠬᠠᠢ ᠮᠡᠷᠬᠡᠵᠢᠯ ᠤᠨ ᠰᠤᠷᠭᠠᠭᠤᠯᠢ ᠳᠡᠬᠦᠰᠦᠭᠰᠡᠨ ᠰᠤᠷᠤᠭᠴᠢ᠂ ᠳᠡᠬᠦᠰᠬᠦ ᠨᠦᠬᠦᠴᠡᠯ ᠳᠤ ᠨᠡᠶᠢᠴᠡᠬᠦ ᠳᠡᠬᠦᠰᠦᠭᠰᠡᠨ ᠠᠩᠬᠢ ᠶᠢᠨ ᠰᠤᠷᠤᠭᠴᠢ ᠂ ᠪᠦᠬᠦᠯᠢ 18᠎ ᠠᠴᠠ 24 ᠪᠦᠬᠦᠯᠢ ᠨᠠᠰᠤ ᠬᠦᠷᠳᠡᠯ᠎ᠡ ᠪᠤᠯᠤᠨ᠎ᠠ︔ ᠠᠰᠫᠢᠷᠠᠨᠲ ᠳᠡᠬᠦᠰᠦᠭᠰᠡᠨ ᠰᠤᠷᠤᠭᠴᠢ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠪᠦᠬᠦᠯᠢ 18 ᠨᠠᠰᠤ ᠬᠦᠷᠳᠡᠯ᠎ᠡ ᠦᠷᠬᠡᠳᠬᠡᠪᠡ᠃    ᠡᠮᠡᠭᠲᠡᠶ ᠴᠡᠷᠢᠭ ᠡᠯᠰᠡᠬᠦ ᠡᠲᠡᠭᠡᠳ ᠤᠨ ᠬᠡᠪᠴᠢᠶ᠎ᠡ᠄ ᠳᠡᠭᠡᠷ᠎ᠡ ᠬᠠᠭᠠᠰ ᠵᠢᠯ ᠳᠤ ᠴᠡᠷᠢᠭ ᠢᠶᠠᠷ ᠨᠡᠷ᠎ᠡ ᠮᠡᠳᠡᠭᠦᠯᠬᠦ᠄ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠦᠬᠦᠯᠢ ᠡᠳᠦᠷ ᠤᠨ ᠳᠦᠷᠢᠮᠲᠦ ᠲᠣᠰ ᠬᠤᠭᠤᠴᠠᠭᠠᠨ ᠤ ᠲᠡᠭᠦᠰᠬᠦ ᠰᠣᠷᠣᠭᠴᠢ ᠵᠢᠴᠢ ᠰᠤᠷᠭᠠᠭᠤᠯᠢ ᠳᠤ ᠪᠠᠶᠢᠭ᠎ᠠ ᠰᠣᠷᠣᠭᠴᠢ᠂ ᠪᠦᠬᠦᠯᠢ 18᠎ ᠠᠴᠠ 22 ᠪᠦᠬᠦᠯᠢ ᠨᠠᠰᠤᠨ ᠤ ᠪᠦᠬᠦᠯᠢ ᠡᠳᠦᠷ ᠤᠨ ᠳᠦᠷᠢᠮᠲᠦ ᠠᠰᠫᠢᠷᠠᠨᠲ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠪᠦᠬᠦᠯᠢ 26 ᠨᠠᠰᠤ ᠪᠣᠯᠲᠠᠯ᠎ᠠ ᠠᠭᠤᠵᠢᠭᠤ ᠲᠠᠯᠪᠢᠨ᠎ᠠ︔ 2024 ᠣᠨ ᠳᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠳ 2025 ᠣᠨ ᠤ ᠳᠡᠭᠡᠷ᠎ᠡ ᠬᠠᠭᠠᠰ ᠵᠢᠯ ᠳᠤ ᠡᠮᠡᠭᠲᠡᠶ ᠴᠡᠷᠢᠭ ᠡᠯᠰᠡᠬᠦ ᠳᠤ ᠨᠡᠷ᠎ᠡ ᠮᠡᠳᠡᠭᠦᠯᠵᠦ ᠣᠷᠣᠯᠴᠠᠵᠤ᠂ ᠪᠦᠬᠦᠯᠢ 23 ᠨᠠᠰᠤ ᠪᠣᠯᠲᠠᠯ᠎ᠠ ᠠᠭᠤᠵᠢᠭᠤ ᠲᠠᠯᠪᠢᠨ᠎ᠠ᠃    ᠳᠤᠤᠷ᠎ᠠ ᠬᠠᠭᠠᠰ ᠵᠢᠯ ᠳᠤ ᠡᠯᠰᠡᠭᠦ ᠲᠡᠭᠡᠨ ᠨᠡᠷ᠎ᠡ ᠮᠡᠲᠡᠭᠦᠯᠭᠦ ᠲᠡᠭᠡᠨ ᠡᠩ ᠤᠨ ᠦᠨᠲᠦᠷ ᠵᠡᠷᠬᠡ ᠶᠢᠨ ᠳᠤᠮᠲᠠᠲᠤ ᠰᠤᠷᠭᠠᠭᠤᠯᠢ ᠶᠢᠨ ᠳᠤᠰ ᠬᠤᠭᠤᠴᠠᠭᠠᠨ ᠤ ᠲᠡᠭᠦᠰᠦᠭᠰᠡᠨ ᠰᠤᠷᠤᠭᠴᠢ᠂ ᠡᠩ ᠤᠨ ᠲᠡᠬᠡᠲᠦ ᠵᠡᠷᠬᠡ ᠶᠢᠨ ᠰᠤᠷᠭᠠᠭᠤᠯᠢ ᠪᠠ ᠰᠢᠨᠵᠢᠯᠡᠭᠦ ᠤᠬᠠᠭᠠᠨ ᠤ ᠰᠤᠲᠤᠯᠭᠠᠨ ᠤ ᠪᠠᠶᠢᠭᠤᠯᠤᠮᠵᠢ ᠶᠢᠨ ᠪᠦᠭᠦᠯᠢ ᠡᠳᠦᠷ ᠤᠨ ᠳᠦᠷᠢᠮᠲᠦ ᠳᠤᠰ ᠬᠤᠭᠤᠴᠠᠭᠠᠨ ᠤ ᠲᠡᠭᠦᠰᠦᠭᠰᠡᠨ ᠰᠤᠷᠤᠭᠴᠢ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ 18᠎ ᠠᠴᠠ 22 ᠳᠦᠭᠦᠷᠢᠭ ᠲᠤ ᠬᠦᠷᠴᠦ᠂ ᠪᠦᠭᠦᠯᠢ ᠡᠳᠦᠷ ᠤᠨ ᠳᠦᠷᠢᠮᠲᠦ ᠠᠰᠫᠢᠷᠠᠨᠲ ᠲᠡᠭᠦᠰᠦᠭᠰᠡᠳ ᠪᠠ ᠰᠤᠷᠭᠠᠭᠤᠯᠢ ᠳᠤ ᠪᠠᠶᠢᠭ᠎ᠠ ᠰᠤᠷᠤᠭᠴᠢ ᠶᠢ 26 ᠨᠠᠰᠤ ᠪᠤᠯᠭᠠᠨ᠎ᠠ᠃   ᠭᠤᠷᠪᠠ᠂ ᠴᠡᠷᠢᠭ ᠲᠤ ᠡᠯᠰᠡᠭᠳᠡᠬᠦ ᠪᠡᠶ᠎ᠡ ᠶᠢᠨ ᠪᠠᠷᠢᠮᠵᠢᠶ᠎ᠠ ᠪᠡᠶ᠎ᠡ ᠶᠢᠨ ᠥᠨᠳᠥᠷ᠄ ᠡᠷᠡᠭᠲᠡᠶ ᠵᠠᠯᠠᠭᠤᠴᠤᠳ 160cm᠎ ᠠᠴᠠ ᠳᠡᠭᠡᠭᠰᠢ᠂ ᠡᠮᠡᠭᠲᠡᠶ ᠵᠠᠯᠠᠭᠤᠴᠤᠳ 158cm᠎ ᠠᠴᠠ ᠳᠡᠭᠡᠭᠰᠢ᠂ ᠨᠥᠬᠦᠴᠡᠯ ᠪᠦᠷᠢᠯᠳᠦᠭᠦᠯᠦᠭᠰᠡᠨ ᠴᠡᠷᠢᠭ ᠢ ᠠᠰ ᠲᠤᠨᠢ ᠲᠣᠭᠲᠠᠭᠠᠨ᠎ᠠ᠃ ᠬᠠᠷᠠᠭ᠎ᠠ᠄ ᠶᠠᠮᠠᠷ ᠴᠤ᠋ ᠨᠢᠳᠦ ᠨᠢ ᠬᠠᠷ᠎ᠠ ᠨᠢᠳᠦ ᠨᠢ 4.5᠎ ᠠᠴᠠ ᠳᠣᠣᠷ᠎ᠠ᠂ ᠬᠢᠷᠢ ᠲᠡᠩᠴᠡᠬᠦ ᠦᠭᠡᠢ᠃ ᠠᠯᠢᠪᠠ ᠨᠢᠳᠦ ᠨᠢᠴᠦᠭᠦᠨ ᠬᠠᠷᠠᠭ᠎ᠠ 4.8᠎ ᠠᠴᠠ ᠳᠣᠣᠷ᠎ᠠ᠂ ᠬᠠᠷᠠᠭ᠎ᠠ ᠰᠠᠢᠵᠢᠷᠠᠭᠤᠯᠬᠤ ᠴᠢᠬᠤᠯᠠᠲᠠᠢ᠂ ᠶᠠᠮᠠᠷ ᠴᠤ᠋ ᠬᠠᠷᠠᠭ᠎ᠠ ᠨᠢ 4.8᠎ ᠠᠴᠠ ᠳᠣᠣᠷ᠎ᠠ ᠪᠤᠶᠤ ᠵᠠᠯᠠᠷᠠᠭᠤᠯᠬᠤ ᠬᠡᠮᠵᠢᠶ᠎ᠡ ᠨᠢ 600 ᠭᠷᠠᠳᠦ᠋ ᠰ᠊ ᠠᠴᠠ ᠳᠣᠣᠷ᠎ᠠ᠂ ᠬᠢᠷᠢ ᠲᠡᠩᠴᠡᠬᠦ ᠦᠭᠡᠢ᠃ ᠭᠡᠷᠡᠯ ᠲᠠᠲᠠᠭᠰᠠᠨ ᠲᠥᠪ ᠪᠤᠰᠤ ᠮᠣᠯᠧᠺᠦ᠋ᠯ ᠤᠨ ᠯᠠᠶᠢᠰᠧᠷ ᠮᠡᠰᠡ ᠵᠠᠰᠠᠯ ᠢᠶᠠᠷ ᠳᠠᠮᠵᠢᠬᠤ ︵ᠲᠠᠯᠠᠰᠲᠤ ᠪᠡᠶᠡᠲᠦ ᠶᠢᠨ ᠬᠢᠮᠡᠯ ᠲᠠᠯᠠᠰᠲᠤ ᠪᠡᠶᠡᠲᠦ ᠶᠢ ᠰᠠᠭᠤᠯᠭᠠᠬᠤ ᠵᠠᠰᠠᠯ ᠵᠡᠷᠭᠡ ᠪᠤᠰᠤᠳ ᠮᠡᠷᠭᠡᠵᠢᠯ ᠪᠠᠭᠲᠠᠬᠤ ᠦᠭᠡᠢ︶ ᠰᠡᠭᠦᠯ ᠤᠨ ᠬᠠᠭᠠᠰ ᠵᠢᠯ ᠠᠴᠠ ᠳᠡᠭᠡᠭᠰᠢ ᠡᠪᠡᠳᠴᠢᠨ ᠳᠠᠪᠬᠤᠴᠠᠭᠰᠠᠨ ᠦᠭᠡᠢ᠂ ᠶᠠᠮᠠᠷ ᠴᠤ ᠨᠢᠴᠦᠭᠦᠨ ᠨᠢᠳᠦᠨ ᠤ ᠬᠠᠷᠠᠭ᠎ᠠ 4.8 ᠬᠦᠷᠴᠦ᠂ ᠨᠢᠳᠦᠨ ᠤ ᠢᠷᠤᠭᠠᠷ ᠨᠢ ᠬᠡᠪ ᠤᠨ ᠪᠠᠶᠢᠳᠠᠯ ᠳᠤ ᠣᠷᠣᠵᠤ᠂ ᠨᠥᠬᠦᠴᠡᠯ ᠠᠴᠠ ᠭᠠᠳᠠᠨ᠎ᠠ ᠬᠢᠷᠢ ᠲᠡᠩᠴᠡᠭᠰᠡᠨ ᠪᠠᠶᠢᠨ᠎ᠠ᠃ ᠪᠡᠶ᠎ᠡ ᠶᠢᠨ ᠵᠢᠷᠤᠭ ᠰᠢᠪᠢᠬᠦ᠄ ᠴᠢᠷᠠᠶ ᠶᠢᠨ ᠬᠦᠵᠦᠭᠦᠦ ᠪᠡᠶ᠎ᠡ ᠶᠢᠨ ᠵᠢᠷᠤᠭ ᠳᠦᠷᠰᠦ᠄ ᠴᠡᠷᠢᠭ ᠠᠩᠭᠢ ᠶᠢᠨ ᠬᠢᠭᠰᠡᠨ ᠪᠡᠶ᠎ᠡ ᠶᠢᠨ ᠲᠠᠮᠢᠷ ᠤᠨ ᠰᠤᠷᠭᠠᠭᠤᠯᠢᠯᠠᠯ ᠤᠨ ᠬᠤᠪᠴᠠᠰᠤ ᠪᠤᠰᠤᠳ ᠨᠢᠴᠦᠭᠦᠨ ᠬᠡᠰᠡᠭ ᠤᠨ ᠤᠷᠲᠤ ᠶᠢᠨ ᠬᠡᠮᠵᠢᠶ᠎ᠡ ᠨᠢ 3cm᠎ ᠢ ᠳᠠᠪᠠᠭᠰᠠᠨ ᠪᠡᠶ᠎ᠡ ᠶᠢᠨ ᠵᠢᠷᠤᠭ ᠳᠦᠷᠰᠦ᠂ ᠪᠤᠰᠤᠳ ᠬᠡᠰᠡᠭ ᠤᠨ ᠤᠷᠲᠤ ᠶᠢᠨ ᠬᠡᠮᠵᠢᠶ᠎ᠡ ᠨᠢ 10cm᠎ ᠢ ᠳᠠᠪᠠᠭᠰᠠᠨ ᠪᠡᠶ᠎ᠡ ᠶᠢᠨ ᠵᠢᠷᠤᠭ ᠳᠦᠷᠰᠦ᠂ ᠡᠷᠡᠭᠲᠡᠶ ᠶᠢᠨ ᠬᠡ ᠤᠭᠠᠯᠵᠠ᠂ ᠨᠢᠳᠦ᠂ ᠣᠷᠣᠮ᠂ ᠡᠮᠡᠭᠲᠡᠶ ᠶᠢᠨ ᠬᠡ ᠤᠭᠠᠯᠵᠠ᠂ ᠬᠢᠷᠢ ᠲᠡᠩᠴᠡᠬᠦ ᠦᠭᠡᠶ ᠪᠠᠶᠢᠳᠠᠭ᠃ ᠰᠣᠷᠪᠢ᠄ ᠨᠢᠭᠤᠷ ᠤᠨ ᠬᠦᠵᠦᠭᠦᠦ ᠨᠢ 3cm ᠪᠤᠶᠤ ᠴᠢᠳᠠᠮᠵᠢ ᠶᠢ ᠨᠥᠯᠥᠭᠡᠯᠡᠬᠦ ᠰᠣᠷᠪᠢ᠂ ᠪᠤᠰᠤᠳ ᠬᠡᠰᠡᠭ ᠤᠨ ᠠᠵᠢᠯᠯᠠᠭᠠᠨ ᠤ ᠰᠣᠷᠪᠢ ᠨᠢ ᠬᠢᠷᠢ ᠲᠡᠩᠴᠡᠬᠦ ᠦᠭᠡᠢ᠃ ᠡᠭᠦᠨ ᠠᠴᠠ ᠭᠠᠳᠠᠨ᠎ᠠ᠂ ᠭᠠᠷ ᠤᠨ ᠬᠤᠷᠤᠭᠤ᠂ ᠬᠥᠯ ᠤᠨ ᠬᠤᠷᠤᠭᠤ ᠨᠢ ᠵᠡᠷᠡᠮᠳᠡᠭ ᠪᠣᠯᠬᠤ ᠪᠤᠶᠤ ᠵᠡᠷᠡᠮᠳᠡᠭ ᠪᠣᠯᠵᠤ᠂ ᠬᠥᠯ ᠤᠨ ᠨᠤᠮᠤ ᠨᠢ ᠪᠦᠷᠢᠮᠦᠰᠦᠨ ᠠᠯᠠᠭ᠎ᠠ ᠪᠣᠯᠤᠭᠰᠠᠨ ᠬᠠᠪᠲᠠᠭᠠᠶ ᠬᠥᠯ ᠤᠨ ᠬᠦᠨᠳᠦ ᠨᠢ ᠣᠰᠤ᠂ ᠬᠢᠷᠢ ᠲᠡᠩᠴᠡᠭᠰᠡᠨ ‍ᠦᠭᠡᠢ ᠪᠠᠶᠢᠨ᠎ᠠ᠃ ᠪᠡᠶ᠎ᠡ ᠶᠢᠨ ᠪᠠᠢᠴᠠᠭᠠᠯᠲᠠ ᠶᠢᠨ ᠨᠠᠷᠢᠨ ᠪᠠᠷᠢᠮᠵᠢᠶ᠎ᠠ ᠶᠢ ᠪᠦᠬᠦ ᠤᠯᠤᠰ ᠤᠨ ᠴᠡᠷᠢᠭ ᠡᠯᠰᠡᠬᠦ ᠲᠣᠣᠷ ᠲᠤ ᠣᠷᠣᠵᠤ ᠪᠠᠢᠴᠠᠭᠠᠨ ᠦᠵᠡ᠃    ᠳᠥᠷᠪᠡ᠂ ᠴᠡᠷᠢᠭ ᠲᠤ ᠡᠯᠰᠡᠭᠳᠡᠬᠦ ᠲᠠᠰ ᠳᠠᠷᠠᠭᠠᠯᠠᠯ ᠨᠢ ᠴᠡᠷᠢᠭ ᠲᠤ ᠡᠯᠰᠡᠬᠦ ᠳᠤ ᠶᠡᠷᠦ ᠳᠤ ᠪᠠᠨ ᠳᠠᠩᠰᠠᠯᠠᠭᠤᠯᠬᠤ ᠪᠠᠷ ᠨᠡᠷ᠎ᠡ ᠮᠡᠳᠡᠭᠦᠯᠬᠦ᠂ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠬᠢᠨᠠᠨ ᠰᠢᠯᠭᠠᠯᠲᠠ᠂ ᠴᠡᠷᠢᠭ ᠤᠨ ᠠᠯᠪᠠᠨ ᠠᠴᠠ ᠡᠮᠦᠨᠡᠬᠢ ᠰᠤᠷᠭᠠᠨ ᠬᠥᠮᠦᠵᠢᠯ᠂ ᠬᠢᠨᠠᠨ ᠵᠥᠪᠰᠢᠶᠡᠷᠡᠯ᠂ ᠴᠡᠷᠢᠭ ᠲᠣᠭᠲᠠᠭᠠᠬᠤ᠂ ᠵᠠᠷ ᠨᠠᠭᠠᠵᠤ ᠢᠯᠡ ᠨᠡᠶᠢᠲᠡᠯᠡᠬᠦ᠂ ᠴᠡᠷᠢᠭ ᠲᠤ ᠣᠷᠣᠬᠤ ᠶᠢ ᠵᠥᠪᠰᠢᠶᠡᠷᠡᠬᠦ᠂ ᠰᠢᠨ᠎ᠡ ᠴᠡᠷᠢᠭ ᠬᠦᠷᠭᠡᠬᠦ ᠵᠡᠷᠭᠡ ᠶᠠᠪᠤᠴᠠ ᠶᠢ ᠥᠩᠭᠡᠷᠡᠭᠡᠬᠦ ᠬᠡᠷᠡᠭᠲᠡᠢ᠃    ᠲᠠᠪᠤ᠂ ᠰᠤᠷᠤᠯᠭ᠎ᠠ ᠶᠢᠨ ᠵᠠᠷᠤᠳᠠᠯ ᠳᠤ ᠲᠤᠰᠠᠯᠠᠵᠤ ᠪᠠᠶᠢᠭᠠᠳ ᠤᠯᠤᠰ ᠠᠴᠠ ᠴᠡᠷᠢᠭ ᠲᠤ ᠣᠷᠣᠵᠤ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ ᠪᠠᠶᠢᠭ᠎ᠠ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠤ ᠲᠤᠰᠢᠶᠠᠬᠤ ᠰᠤᠷᠤᠯᠭ᠎ᠠ ᠶᠢᠨ ᠵᠠᠷᠤᠳᠠᠯ ᠳᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠬᠦ ᠶᠢ ᠬᠡᠷᠡᠭᠵᠢᠭᠦᠯᠵᠦ᠂ ᠣᠯᠤᠭᠰᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠳᠤ ᠣᠷᠣᠯᠠᠨ ᠲᠥᠯᠥᠬᠦ ᠶᠢ ᠬᠡᠷᠡᠭᠵᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠬᠦ ᠪᠤᠶᠤ ᠰᠤᠷᠭᠠᠭᠤᠯᠢ ᠳᠤ ᠤᠷᠤᠭᠰᠠᠨ ᠤ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠶᠢ ᠬᠡᠷᠡᠭᠵᠢᠭᠦᠯᠬᠦ ᠬᠡᠷᠡᠭᠲᠡᠶ     ᠵᠢᠷᠭᠤᠭ᠎ᠠ᠂ ᠠᠵᠢᠯᠯᠠᠬᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠳᠣᠤᠷᠠᠬᠢ ᠨᠥᠬᠦᠴᠡᠯ ᠤᠨ ᠨᠢᠭᠡ ᠳᠤᠨᠢ ᠨᠡᠶᠢᠴᠡᠪᠡᠯ᠂ ᠠᠷᠠᠳ ᠤᠨ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠵᠤ ᠥᠭᠭᠦᠨ᠎ᠡ᠄ ᠨᠢᠭᠡ ᠴᠡᠷᠢᠭ ᠤᠨ ᠠᠯᠪᠠ ᠬᠠᠭᠠᠭᠰᠠᠨ ᠬᠤᠭᠤᠴᠠᠭ᠎ᠠ ᠨᠢ ᠡᠩ ᠤᠨ ᠦᠶ᠎ᠡ ᠳᠤ ᠬᠤᠶᠠᠳᠤᠭᠠᠷ ᠳᠡᠰ ᠠᠴᠠ ᠳᠡᠭᠡᠭᠰᠢᠬᠢ ᠱᠠᠩᠨᠠᠯ ᠪᠤᠶᠤ ᠳᠠᠶᠢᠨ ᠤ  ᠦᠶ᠎ᠡ ᠳᠤ ᠭᠤᠷᠪᠠᠳᠤᠭᠠᠷ ᠳᠡᠰ ᠠᠴᠠ ᠳᠡᠭᠡᠭᠰᠢᠬᠢ ᠱᠠᠩᠨᠠᠯ ᠬᠥᠬᠢᠭᠦᠯᠦᠯ ᠬᠦᠷᠲᠡᠨ᠎ᠡ︔ ︵ᠭᠤᠷᠪᠠ ︶ ᠳᠠᠶᠢᠨ᠂ ᠠᠯᠪᠠᠨ ᠤᠴᠢᠷ᠂ ᠡᠪᠡᠳᠴᠢᠨ ᠠᠴᠠ ᠪᠣᠯᠵᠤ ᠵᠡᠮᠳᠡᠭ ᠪᠣᠯᠵᠤ᠂ ᠤᠯᠤᠰ ᠤᠨ ᠵᠡᠮᠳᠡᠭ ᠤᠨ ᠳᠡᠰ ᠢ ᠦᠨᠡᠯᠡᠨ ᠲᠣᠭᠲᠠᠭᠠᠭᠰᠠᠨ ᠲᠣᠭᠲᠠᠭᠠᠯ ᠳᠤ ᠨᠡᠶᠢᠴᠡᠬᠦ᠃ ᠵᠠᠰᠠᠭ ᠤᠨ ᠣᠷᠳᠣᠨ ᠤ ᠠᠵᠢᠯ ᠲᠣᠬᠢᠷᠠᠭᠤᠯᠬᠤ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠠᠯᠪᠠᠲᠠᠨ ᠳᠤ ᠮᠡᠳᠡᠭᠦᠯᠦᠨ ᠰᠢᠯᠭᠠᠭᠤᠯᠬᠤ᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠪᠠᠶᠢᠭᠤᠯᠤᠯᠭ᠎ᠠ ︵ᠨᠢᠭᠡᠴᠡ︶᠎ ᠶᠢᠨ ᠠᠵᠢᠯᠲᠠᠨ ᠢᠶᠠᠷ ᠯᠠᠪᠯᠠᠯᠲᠠ ᠪᠣᠯᠭᠠᠵᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢᠶᠠᠷ ᠤᠷᠢᠭᠳᠠᠬᠤ ᠦᠶ᠎ᠡ ᠳᠤ᠂ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠡᠯᠰᠡᠨ ᠬᠡᠷᠡᠭᠯᠡᠬᠦ ︵ᠤᠷᠢᠵᠤ ᠬᠡᠷᠡᠭᠯᠡᠬᠦ︶᠃  ᠳᠣᠯᠤᠭ᠎ᠠ᠂ ᠤᠶᠤᠲᠠᠳ ᠤᠨ ᠴᠡᠷᠢᠭ ᠲᠤ ᠣᠷᠣᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠤᠶᠤᠲᠠᠳ ᠤᠨ ᠴᠡᠷᠢᠭ ᠲᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠶᠢᠨ ᠲᠤᠰᠠᠳᠠ᠂ ᠤᠯᠤᠰ ᠠᠴᠠ ᠠᠯᠢ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠪᠠ᠃    ︵ᠨᠢᠭᠡ︶ ᠴᠡᠷᠢᠭ ᠲᠤ ᠣᠷᠣᠬᠤ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠠᠴᠠ ᠡᠮᠦᠨ᠎ᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ︵ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ ᠶᠢ ᠪᠠᠭᠲᠠᠭᠠᠨ᠎ᠠ︶᠂ ᠠᠯᠪᠠ ᠬᠠᠭᠠᠵᠤ ᠪᠠᠶᠢᠭ᠎ᠠ ᠬᠤᠭᠤᠴᠠᠭᠠᠨ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠷᠭᠠᠭᠤᠯᠢ ᠶᠢᠨ ᠬᠠᠷᠢᠶ᠎ᠠ ᠪᠣᠯᠤᠨ ᠰᠤᠷᠭᠠᠭᠤᠯᠢ ᠳᠤ ᠣᠷᠣᠬᠤ ᠬᠢᠷᠢ ᠭᠡᠮ ᠢᠶᠠᠨ ᠬᠡᠪ ᠢᠶᠠᠷ ᠪᠠᠶᠢᠯᠭᠠᠵᠤ᠂ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ 2 ᠵᠢᠯ ᠤᠨ ᠳᠣᠲᠣᠷ᠎ᠠ ᠰᠤᠷᠤᠯᠭ᠎ᠠ ᠪᠠᠨ ᠰᠡᠷᠭᠦᠭᠡᠬᠦ ᠪᠤᠶᠤ ᠰᠤᠷᠭᠠᠭᠤᠯᠢ ᠳᠤ ᠣᠷᠣᠬᠤ ᠶᠢ ᠵᠥᠪᠰᠢᠶᠡᠷᠡᠬᠦ ᠬᠡᠷᠡᠭᠲᠡᠶ᠃     ︵ᠬᠤᠶᠠᠷ︶ ᠰᠤᠳᠤᠯᠬᠤ ᠰᠤᠷᠤᠭᠴᠢ ᠳᠤ ᠬᠤᠪᠢ ᠨᠡᠮᠡᠨ᠎ᠡ᠃ ᠡᠩ ᠤᠨ ᠳᠡᠭᠡᠳᠦ ᠰᠣᠷᠭᠠᠭᠤᠯᠢ ᠳᠤ ᠪᠠᠶᠢᠭ᠎ᠠ ᠰᠣᠷᠣᠠᠠᠴᠢᠳ ᠪᠠ ᠰᠣᠷᠭᠠᠭᠤᠯᠢ ᠳᠤ ᠪᠠᠶᠢᠭ᠎ᠠ ᠰᠣᠷᠣᠠᠠᠴᠢᠳ ︵ᠳᠡᠭᠡᠳᠦ ᠰᠣᠷᠭᠠᠭᠤᠯᠢ ᠶᠢᠨ ᠰᠢᠨ᠎ᠡ ᠰᠣᠷᠣᠠᠠᠴᠢ ᠳᠤ ᠡᠯᠰᠡᠭᠳᠡᠭᠡᠳ ᠠᠯᠪᠠᠡ ᠵᠢᠷᠦᠮ ᠤᠨ ᠴᠡᠷᠢᠭ ᠤᠨ ᠠᠯᠪᠠ ᠬᠠᠭᠠᠭᠰᠠᠨ ᠤ ᠳᠡᠷᠡᠭᠠᠬᠢ 3 ᠵᠢᠯ ᠤᠨ ᠳᠣᠳᠣᠷ᠎ᠠ᠂ ᠴᠡᠷᠢᠭ ᠤᠨ ᠠᠯᠪᠠ ᠠᠴᠠ ᠪᠠᠭᠤᠠᠠᠰᠠᠨ ᠤ ᠳᠡᠷᠠᠭ᠎ᠠ 3 ᠵᠢᠯ ᠤᠨ ᠳᠣᠳᠣᠷ᠎ᠠ ᠲᠣᠰ ᠲᠣᠰ ᠪᠦᠬᠦ ᠣᠯᠥᠰ ᠤᠨ ᠮᠠᠬᠢᠰᠲ᠋ᠧᠷ ᠤᠨ ᠰᠣᠳᠣᠯᠥᠠᠠᠴᠢ ᠰᠣᠷᠣᠠᠠᠴᠢ ᠡᠯᠰᠡᠬᠦ ᠰᠢᠯᠭᠠᠯᠳᠡ ᠳᠤ ᠣᠷᠣᠯᠴᠠᠵᠦ᠂ ᠠᠩᠬᠠᠨ ᠤ ᠰᠢᠯᠭᠠᠯᠳᠡ ᠶᠢᠨ ᠶᠡᠷᠦᠩᠭᠡᠢ ᠬᠤᠪᠢ ᠨᠢ 10 ᠬᠤᠪᠢ ᠨᠡᠮᠡᠵᠦ᠂ ᠠᠳᠡᠯᠢ ᠨᠦᠬᠦᠴᠡᠯ ᠤᠨ ᠲᠣᠣᠷ᠎ᠠ ᠣᠷᠢᠳᠡᠪᠡᠷ ᠡᠯᠰᠡᠨ᠎ᠡ᠃     ︵ᠭᠤᠷᠪᠠ︶ ᠰᠢᠯᠭᠠᠬᠤ ᠦᠭᠡᠶ ᠪᠠᠷ ᠰᠤᠳᠤᠯᠬᠤ ᠬᠡᠷᠡᠭᠲᠡᠶ᠃ ᠴᠡᠷᠢᠭ ᠠᠩᠭᠢ ᠳᠤ ᠬᠤᠶᠠᠳᠤᠭᠠᠷ ᠲᠠᠰ ᠤᠨ ᠭᠠᠪᠢᠶ᠎ᠠ ᠪᠠᠶᠢᠭᠤᠯᠤᠭᠰᠠᠨ ᠵᠢᠴᠢ ᠲᠡᠭᠦᠨ ᠠᠴᠠ ᠳᠡᠭᠡᠭᠰᠢᠬᠢ ᠣᠶᠤᠲᠠᠨ ᠪᠠᠶᠢᠯᠳᠤᠭᠴᠢ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ᠂ ᠰᠤᠳᠤᠯᠬᠤ ᠰᠤᠷᠤᠭᠴᠢ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠰᠢᠯᠭᠠᠭᠤᠯᠬᠤ ᠦᠭᠡᠶ ︵ᠠᠩᠬᠠᠨ ᠤ ᠰᠢᠯᠭᠠᠯᠲᠠ︶ ᠠᠰᠫᠢᠷᠠᠨᠲ ᠰᠤᠳᠤᠯᠬᠤ ᠰᠤᠷᠤᠭᠴᠢ ᠰᠤᠷᠴᠤ ᠪᠣᠯᠤᠨ᠎ᠠ᠃      ︵ᠳᠥᠷᠪᠡ︶ ᠲᠤᠰᠬᠠᠶ ᠵᠦᠢᠯ ᠢᠶᠠᠷ ᠰᠤᠷᠤᠭᠴᠢ ᠡᠯᠰᠡᠬᠦ᠃ ᠤᠯᠤᠰ ᠠᠴᠠ 8000 ᠬᠥᠮᠦᠨ ᠤ ᠳᠣᠲᠣᠷᠠᠬᠢ ︽ᠴᠡᠷᠢᠭ ᠠᠴᠠ ᠬᠠᠯᠠᠭᠳᠠᠭᠰᠠᠨ ᠣᠶᠤᠲᠠᠨ︾ ᠲᠤᠰᠭᠠᠢ ᠲᠥᠷᠥᠯ ᠤᠨ ᠠᠰᠫᠢᠷᠠᠨᠲ ᠡᠯᠰᠡᠬᠦ ᠲᠥᠯᠥᠪᠯᠡᠭᠡ ᠶᠢ ᠪᠠᠢᠭᠤᠯᠵᠤ᠂ ᠵᠢᠯ ᠪᠦᠷᠢ ᠴᠡᠷᠢᠭ ᠠᠴᠠ ᠬᠠᠯᠠᠭᠳᠠᠭᠰᠠᠨ ᠣᠶᠤᠲᠠᠨ ᠪᠠᠢᠯᠳᠤᠭᠴᠢᠳ ᠲᠤ ᠲᠤᠰᠭᠠᠢᠯᠠᠨ ᠬᠠᠨᠳᠤᠵᠤ᠂ ᠲᠤᠰᠭᠠᠢ ᠲᠥᠷᠥᠯ ᠤᠨ ᠲᠥᠯᠥᠪᠯᠡᠭᠡ ᠶᠢᠨ ᠭᠤᠣᠯᠳᠠᠯᠭ᠎ᠠ ᠶᠢ ︽ᠬᠤᠶᠠᠷ ᠢ ᠲᠡᠷᠢᠭᠦᠨ ᠪᠠᠢᠷᠢᠨ ᠳᠤ ᠲᠠᠯᠪᠢᠬᠤ︾ ᠪᠦᠲᠦᠭᠡᠨ ᠪᠠᠢᠭᠤᠯᠤᠯᠲᠠ ᠶᠢᠨ ᠳᠡᠭᠡᠳᠦ ᠰᠤᠷᠭᠠᠭᠤᠯᠢ ᠲᠡᠰᠢ ᠬᠡᠯᠪᠠᠢᠯᠭᠡᠨ᠎ᠡ᠃    ︵ᠲᠠᠪᠤ︶ ᠵᠢᠩᠬᠢᠨᠢ ᠠᠩᠭᠢ ᠳᠤ ᠰᠢᠯᠭᠠᠭᠤᠯᠬᠤ ᠦᠭᠡᠶ᠃ ᠲᠣᠰᠬᠠᠢ ᠮᠡᠷᠭᠡᠵᠢᠯ ᠤᠨ ᠰᠣᠷᠣᠯᠭ᠎ᠠ ᠶᠢᠨ ᠨᠠᠮᠳᠡᠷ ᠲᠠᠢ ᠰᠣᠷᠣᠠᠠᠴᠢ ᠴᠡᠷᠢᠭ ᠤᠨ ᠠᠯᠪᠠ ᠠᠴᠠ ᠪᠠᠭᠤᠠᠠᠰᠠᠨ ᠪᠦᠭᠡᠳ ᠲᠣᠰᠬᠠᠢ ᠮᠡᠷᠭᠡᠵᠢᠯ ᠤᠨ ᠰᠣᠷᠣᠯᠭ᠎ᠠ ᠪᠠᠨ ᠲᠠᠭᠤᠰᠬᠠᠠᠠᠰᠠᠨ ᠤ ᠳᠡᠷᠠᠭ᠎ᠠ᠂ ᠡᠩ ᠤᠨ ᠵᠢᠩᠬᠢᠨᠢ ᠠᠩᠬᠢ ᠳᠤ ᠰᠢᠯᠭᠠᠯᠳᠡ ᠬᠢᠬᠦ ᠦᠭᠡᠢ ᠪᠤᠶᠤ ᠬᠦᠰᠡᠯ ᠰᠠᠨᠠᠭ᠎ᠠ ᠪᠠᠨ ᠦᠨᠳᠣᠰᠣᠯᠡᠨ ᠰᠣᠷᠣᠯᠴᠬᠠᠰᠠᠨ ᠬᠦᠮᠦᠨ ᠤ ᠵᠢᠩᠬᠢᠨᠢ ᠠᠩᠬᠢ ᠳᠤ ᠣᠷᠣᠬᠤ ᠦᠭᠡᠢ᠃    ︵ᠵᠢᠷᠭᠤᠭ᠎ᠠ︶ ᠰᠤᠷᠤᠯᠭ᠎ᠠ ᠪᠠᠨ ᠰᠡᠷᠭᠦᠭᠡᠵᠦ ᠲᠤᠰᠬᠠᠶ ᠮᠡᠷᠭᠡᠵᠢᠯ ᠢᠶᠠᠨ ᠰᠢᠯᠵᠢᠭᠦᠯᠬᠦ ᠬᠡᠷᠡᠭᠲᠡᠶ᠃ ᠣᠶᠤᠲᠠᠨ ᠴᠡᠷᠢᠭ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠵᠦ᠂ ᠰᠤᠷᠭᠠᠭᠤᠯᠢ ᠪᠠᠷ ᠢᠶᠠᠨ ᠵᠥᠪᠰᠢᠶᠡᠷᠡᠭᠦᠯᠬᠦ ᠶᠢᠨ ᠬᠠᠮᠲᠤ ᠬᠠᠮᠢᠶ᠎ᠠ ᠪᠦᠬᠦᠢ ᠳᠡᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ᠂ ᠲᠤᠰ ᠰᠤᠷᠭᠠᠭᠤᠯᠢ ᠶᠢᠨ ᠢᠶᠠᠨ ᠪᠤᠰᠤᠳ ᠲᠤᠰᠬᠠᠶ ᠮᠡᠷᠭᠡᠵᠢᠯ ᠳᠤ ᠰᠢᠯᠵᠢᠭᠦᠯᠦᠨ ᠣᠷᠣᠭᠤᠯᠵᠤ᠂ ᠴᠡᠷᠢᠭ ᠤᠨ ᠶᠠᠪᠤᠳᠠᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠬᠢᠯᠭᠡᠬᠦ ᠦᠭᠡᠶ ᠪᠠᠶᠢᠵᠤ᠂ ᠰᠢᠭᠤᠳ ᠰᠤᠷᠤᠯᠭ᠎ᠠ ᠶᠢᠨ ᠬᠤᠪᠢ ᠣᠯᠵᠤ ᠪᠣᠯᠤᠨ᠎ᠠ᠃       ︵ᠳᠣᠯᠤᠭ᠎ᠠ︶ ᠰᠤᠷᠤᠯᠭ᠎ᠠ ᠶᠢᠨ ᠰᠦᠢᠳᠬᠡᠯ ᠤᠨ ᠲᠤᠰᠠᠯᠠᠮᠵᠢ ᠪᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠨ᠎ᠡ᠃ ᠰᠤᠷᠤᠯᠭ᠎ᠠ ᠶᠢᠨ ᠵᠠᠷᠤᠳᠠᠯ ᠢ ᠲᠤᠰᠠᠯᠠᠬᠤ ᠪᠠᠷᠢᠮᠵᠢᠶ᠎ᠠ ᠶᠢᠨ ᠵᠢᠩᠬᠢᠨᠢ ᠠᠩᠭᠢ ᠲᠤᠰᠬᠠᠶ ᠮᠡᠷᠭᠡᠵᠢᠯ ᠤᠨ ᠠᠩᠭᠢ ᠬᠥᠮᠦᠨ ᠪᠦᠷᠢ ᠵᠢᠯ ᠳᠤ ᠬᠠᠮᠤᠭ ᠤᠨ ᠥᠨᠳᠥᠷ ᠲᠡᠭᠡᠨ 16000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠂ ᠠᠰᠫᠢᠷᠠᠨᠲ ᠬᠥᠮᠦᠨ ᠪᠦᠷᠢ ᠵᠢᠯ ᠳᠤ ᠬᠠᠮᠤᠭ ᠤᠨ ᠥᠨᠳᠥᠷ ᠲᠡᠭᠡᠨ 20000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ︵ ᠨᠠᠢᠮᠠ︶ ᠠᠵᠢᠯ ᠣᠯᠭᠤᠵᠤ ᠲᠥᠪᠬᠢᠨᠡᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠶᠡᠭᠡ ᠳᠡᠭᠡᠳᠦ ᠰᠤᠷᠭᠠᠭᠤᠯᠢ ᠶᠢᠨ ᠲᠣᠰ ᠬᠤᠭᠤᠴᠠᠭᠠᠨ ᠤ ᠲᠡᠭᠦᠰᠦᠭᠰᠡᠳ ᠴᠡᠷᠢᠭ ᠲᠤ ᠣᠷᠣᠵᠤ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠭᠰᠠᠨ ᠤ ᠳᠠᠷᠠᠭ᠎ᠠ ᠨᠢᠭᠡ ᠵᠢᠯ ᠤᠨ ᠳᠣᠲᠣᠷ᠎ᠠ᠂ ᠲᠤᠬᠠᠶ ᠶᠢᠨ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠢᠶᠠᠷ ᠦᠵᠡᠵᠦ ᠪᠣᠯᠤᠨ᠎ᠠ᠂ ᠬᠥᠮᠦᠨ ᠬᠡᠷᠡᠭᠯᠡᠬᠦ ᠨᠢᠭᠡᠴᠢ ᠶᠢᠨ ᠡᠯᠰᠡᠬᠦ ︵ᠤᠷᠢᠬᠤ︶ ᠭᠠᠷ ᠭᠦᠢᠴᠡᠳᠬᠡᠯ ᠢᠶᠠᠷ ᠢᠶᠠᠨ ᠤᠤᠯ ᠤᠨ ᠰᠤᠷᠤᠯᠴᠠᠵᠤ ᠪᠠᠶᠢᠭᠰᠠᠨ ᠶᠡᠭᠡ ᠳᠡᠭᠡᠳᠦ ᠰᠤᠷᠭᠠᠭᠤᠯᠢ ᠳᠤ ᠠᠵᠢᠯ ᠤᠯᠬᠤ ᠨᠡᠷ᠎ᠡ ᠮᠡᠳᠡᠭᠦᠯᠬᠦ ᠭᠠᠷᠳᠠᠮ ᠢ ᠳᠠᠬᠢᠨᠲᠠ ᠭᠤᠶᠤᠴᠢᠯᠠᠨ ᠭᠦᠢᠴᠡᠳᠬᠡᠵᠦ᠂ ᠡᠷᠦᠬᠡ ᠠᠮᠠ ᠶᠢᠨ ᠲᠠᠩᠰᠠ ᠪᠠᠨ ᠳᠠᠭᠠᠵᠤ ᠨᠡᠭᠦᠬᠦ ︵ᠰᠢᠭᠤᠳ ᠬᠠᠷᠢᠶ᠎ᠠ ᠬᠤᠲᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︶︔ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠲᠡᠭᠦᠰᠦᠭᠰᠡᠳ ᠤᠨ ᠠᠵᠢᠯ ᠤᠯᠬᠤ ᠵᠢᠯᠣᠭᠤᠳᠬᠤ ᠪᠠᠶᠢᠭᠤᠯᠤᠮᠵᠢ᠂ ᠤᠤᠯ ᠤᠨ ᠲᠡᠭᠦᠰᠬᠦ ᠳᠡᠭᠡᠳᠦ ᠰᠤᠷᠭᠠᠭᠤᠯᠢ ᠶᠢᠨ ᠠᠵᠢᠯ ᠤᠯᠬᠤ ᠴᠤᠭᠯᠠᠭᠠᠨ ᠳᠤ ᠣᠷᠣᠯᠴᠠᠵᠤ᠂ ᠭᠤᠤᠯᠳᠠᠯᠭ᠎ᠠ ᠲᠠᠢ ᠲᠠᠨᠢᠯᠴᠠᠭᠤᠯᠬᠤ᠂ ᠠᠵᠢᠯ ᠣᠯᠭᠤᠬᠤ ᠵᠢᠯᠣᠭᠤᠳᠣᠯᠭ᠎ᠠ ᠵᠡᠷᠭᠡ ᠠᠵᠢᠯ ᠣᠯᠭᠤᠬᠤ ᠦᠢᠯᠡᠴᠢᠯᠡᠭᠡ ᠶᠢ ᠭᠥᠷᠳᠡᠨ᠎ᠡ᠃     ᠨᠠᠢᠮᠠ᠂ ᠠᠯᠪᠠᠨ ᠵᠢᠷᠤᠮ ᠤᠨ ᠴᠡᠷᠢᠭ ᠤᠨ ᠠᠵᠤ ᠠᠬᠤᠢ ᠶᠢᠨ ᠬᠠᠷᠠᠭᠠᠯᠵᠠᠯ     ︵ᠨᠢᠭᠡ︶ ᠴᠡᠷᠢᠭ ᠤᠨ ᠠᠯᠪᠠ ᠬᠠᠭᠠᠬᠤ ᠬᠤᠭᠤᠴᠠᠭᠠᠨ ᠳᠤ ᠨᠡᠮᠡᠭᠦᠷᠢ ᠮᠥᠩᠭᠦ 2.6 ᠲᠦᠮᠡᠨ ᠲᠥᠭᠦᠷᠢᠭ ᠪᠠᠶᠢᠪᠠ᠃    ︵ᠬᠤᠶᠠᠷ︶ ᠠᠯᠪᠠᠨ ᠵᠢᠷᠤᠮ ᠤᠨ ᠴᠡᠷᠢᠭ ᠤᠨ ᠬᠤᠭᠤᠴᠠᠭᠠᠨ ᠳᠤ ᠤᠷᠤᠨ ᠨᠤᠳᠤᠭ ᠤᠨ ᠵᠠᠰᠠᠭ ᠤᠨ ᠤᠷᠳᠤᠨ ᠠᠴᠠ ᠤᠯᠭᠤᠭᠰᠠᠨ ᠬᠠᠷᠠᠭᠠᠯᠵᠠᠯ ᠤᠨ ᠮᠦᠡᠭᠭᠦ᠄ 2 ᠵᠢᠯ ᠳᠤ ᠪᠠᠷᠤᠭ 4.37 ᠲᠦᠮᠡᠨ ᠲᠦᠭᠦᠷᠢᠭ᠃    ︵ᠭᠤᠷᠪᠠ︶ ᠴᠡᠷᠢᠭ ᠤᠨ ᠠᠯᠪᠠᠨ ᠠᠴᠠ ᠪᠠᠭᠤᠬᠤ ᠦᠶ᠎ᠡ ᠶᠢᠨ ᠴᠡᠷᠢᠭ ᠠᠩᠭᠢ ᠶᠢᠨ ᠪᠠᠭᠤᠯᠭᠠᠭᠰᠠᠨ ᠴᠡᠷᠢᠭ ᠤᠨ ᠠᠯᠪᠠᠨ ᠠᠴᠠ ᠪᠠᠭᠤᠬᠤ ᠮᠥᠩᠭᠦ ᠪᠠ ᠨᠥᠬᠦᠪᠥᠷᠢ ᠮᠥᠩᠭᠦ᠄ ᠪᠠᠷᠤᠭ 1 ᠲᠦᠮᠡᠨ ᠲᠥᠭᠦᠷᠢᠭ ᠪᠣᠯᠤᠨ᠎ᠠ᠃   ︵ᠳᠥᠷᠪᠡ︶ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠣᠯᠭᠤᠭᠰᠠᠨ ᠴᠡᠷᠢᠭ ᠤᠨ ᠠᠯᠪᠠᠨ ᠠᠴᠠ ᠪᠠᠭᠤᠬᠤ ᠨᠥᠬᠦᠪᠥᠷᠢ ᠮᠥᠩᠭᠦ᠄ ᠪᠠᠷᠤᠭ 6 ᠲᠦᠮᠡᠨ ᠲᠥᠭᠦᠷᠢᠭ ᠪᠣᠯᠤᠨ᠎ᠠ᠃ ᠨᠡᠶᠢᠲᠡ 14 ᠲᠦᠮᠡᠨ ᠲᠥᠭᠦᠷᠢᠭ ᠪᠠᠶᠢᠨ᠎ᠠ᠃   ︵ᠲᠠᠪᠤ︶ ᠶᠡᠭᠡ ᠰᠤᠷᠭᠠᠭᠤᠯᠢ ᠲᠡᠭᠦᠰᠦᠭᠰᠡᠳ ᠴᠡᠷᠢᠭ ᠲᠤ ᠣᠷᠣᠭᠠᠳ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠡᠩ ᠤᠨ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠲᠡᠭᠦᠰᠦᠭᠰᠡᠳ ︵ᠳᠡᠭᠡᠷ᠎ᠡ ᠬᠠᠭᠠᠰ ᠵᠢᠯ ᠳᠤ ᠴᠡᠷᠢᠭ ᠲᠤ ᠤᠷᠤᠭᠰᠠᠨ ᠪᠥᠭᠡᠳ ᠴᠡᠷᠢᠭ ᠲᠤ ᠤᠷᠤᠭᠰᠠᠨ ᠲᠤᠬᠠᠶ ᠶᠢᠨ ᠵᠢᠯ ᠤᠨ ᠲᠡᠭᠦᠰᠬᠦ ᠦᠨᠡᠮᠯᠡᠯ ᠣᠯᠤᠭᠰᠠᠨ ᠲᠡᠭᠦᠰᠬᠦ ᠠᠩᠭᠢ ᠶᠢᠨ ᠰᠤᠷᠤᠭᠴᠢ︶ ᠪᠣᠯᠤᠨ ᠠᠰᠫᠢᠷᠠᠨᠲ ︵ᠰᠤᠷᠭᠠᠭᠤᠯᠢ ᠳᠤ ᠪᠠᠶᠢᠭ᠎ᠠ ᠰᠤᠷᠤᠭᠴᠢ ᠪᠣᠯᠤᠨ ᠰᠤᠷᠭᠠᠭᠤᠯᠢ ᠲᠡᠭᠦᠰᠦᠭᠰᠡᠳ ᠪᠠᠭᠲᠠᠨ᠎ᠠ︶᠎ ᠳᠤ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠣᠯᠭᠤᠵᠤ᠂ ᠪᠠᠷᠢᠮᠵᠢᠶ᠎ᠠ ᠨᠢ ᠬᠥᠮᠦᠨ ᠪᠦᠷᠢ ᠳᠤ 20000 ᠲᠥᠭᠦᠷᠢᠭ᠂ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠮᠥᠩᠭᠦ ᠶᠢ ᠳᠠᠭᠠᠯᠳᠤᠭᠤᠯᠤᠨ ᠬᠠᠮᠲᠤ ᠳᠤᠨᠢ ᠣᠯᠭᠤᠨ᠎ᠠ᠃    ᠶᠢᠰᠦ᠂ ᠠᠰᠠᠭᠤᠨ ᠯᠠᠪᠯᠠᠬᠤ ᠶᠢ ᠭᠥᠯᠢᠶᠡᠨ ᠠᠪᠴᠤ ᠰᠢᠶ᠋ᠳᠪᠦᠷᠢᠯᠡᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠷᠢᠨ ᠣᠶᠢᠯᠠᠭᠠᠵᠤ᠂ ᠪᠥᠬᠦ ᠤᠯᠤᠰ ᠤᠨ ᠴᠡᠷᠢᠭ ᠡᠯᠰᠡᠬᠦ ᠲᠣᠤᠷ ᠲᠤ ᠰᠢᠭᠤᠳ ᠣᠷᠣᠵᠤ ᠡᠷᠦᠬᠡ ᠠᠮᠠ ᠶᠢᠨ ᠪᠠᠶᠢᠭ᠎ᠠ ᠰᠢᠶᠠᠨ ︵ᠰᠢᠶᠠᠩ᠂ ᠪᠠᠯᠭᠠᠰᠤ᠂︶᠎ ᠤ ᠵᠡᠪᠰᠡᠭᠲᠦ ᠬᠦᠴᠦᠨ ᠤ ᠬᠡᠯᠲᠡᠰ ᠲᠠᠢ ᠬᠠᠷᠢᠯᠴᠠᠵᠤ ᠠᠰᠠᠭᠤᠨ ᠯᠠᠪᠯᠠᠪᠠ᠃    ᠰᠢᠶᠠᠨ ᠤ ᠴᠡᠷᠢᠭ ᠡᠯᠰᠡᠬᠦ ᠠᠯᠪᠠᠨ ᠬᠡᠷ ᠤᠨ ᠵᠥᠪᠯᠡᠯᠭᠡ ᠥᠭᠴᠦ ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 0474 - 4202054᠂ 0474 - 8152175    ᠬᠤᠩ ᠮᠤᠤ ᠪᠠᠯᠭᠠᠰᠤᠨ ᠤ ᠵᠥᠪᠯᠡᠯᠭᠡ ᠠᠪᠴᠤ ᠰᠢᠶ᠋ᠳᠪᠦᠷᠢᠯᠡᠬᠦ ᠤᠲᠠᠰᠤ᠄ 13847491789᠂ 15048463409    ᠲᠠᠭ᠎ᠠ ᠶᠢᠨ ᠨᠠᠭᠤᠷ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 1332711177815352969111    ᠵᠢᠷᠭᠤᠳᠤᠭᠠᠷ ᠰᠤᠮᠤ ᠪᠠᠯᠭᠠᠰᠤᠨ ᠤ ᠠᠰᠠᠭᠤᠨ ᠯᠠᠪᠯᠠᠬᠤ ᠤᠲᠠᠰᠤ 1584840679᠂ 18204742233    ᠮᠠᠶᠢᠬᠤᠳᠤ ᠪᠠᠯᠭᠠᠰᠤᠨ ᠤ ᠠᠰᠠᠭᠤᠨ ᠯᠠᠪᠯᠠᠭ᠎ᠠ ᠭᠥᠯᠢᠶᠡᠨ ᠠᠪᠴᠤ ᠰᠢᠶ᠋ᠳᠪᠦᠷᠢᠯᠡᠬᠦ ᠤᠲᠠᠰᠤ᠄ 13847489561᠂ 13754048611    ᠲᠢᠶᠠᠨ ᠴᠧᠩ ᠰᠢᠶᠠᠩ ᠤᠨ ᠠᠰᠠᠭᠤᠨ ᠯᠠᠪᠯᠠᠵᠤ ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 15849400646᠂ 136947760    ᠮᠠᠩᠬᠠᠨ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 1864865677718847412761    ᠶᠦᠩ ᠰᠢᠩ ᠪᠠᠯᠭᠠᠰᠤᠨ ᠤ ᠠᠰᠠᠭᠤᠨ ᠯᠠᠪᠯᠠᠬᠤ ᠭᠥᠯᠢᠶᠡᠨ ᠠᠪᠴᠤ ᠰᠢᠶ᠋ᠳᠪᠦᠷᠢᠯᠡᠬᠦ ᠤᠲᠠᠰᠤ᠄ 13614745517᠂ 18247465607    ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠠᠰᠠᠭᠤᠨ ᠯᠠᠪᠯᠠᠬᠤ ᠤᠲᠠᠰᠤ᠄ 1584740436᠂ 15849455431
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2