ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠤᠶᠢᠯᠡᠴᠢᠯᠡᠭᠡᠨ ᠤ ᠬᠢᠷᠢ ᠲᠦᠪᠰᠢᠨ ᠢ ᠰᠢᠯᠢᠳᠡᠭᠵᠢᠭᠦᠯᠦᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠶᠢᠨ ᠲᠥᠯᠥᠭᠡ᠂ ᠡᠨᠡ ᠵᠢᠯ ᠤᠨ 8 ᠰᠠᠷ᠎ᠠ ᠠᠴᠠ ᠨᠠᠰᠢ᠂ ᠯᠢᠶᠠᠩᠴᠧᠩ ᠰᠢᠶᠠᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠮᠠᠶᠢᠬᠠᠨᠲᠤ ᠲᠣᠮᠢᠯᠠᠭᠰᠠᠨ ᠰᠠᠯᠪᠤᠷᠢ ︽ᠨᠢᠭᠡ ᠥᠷᠲᠡᠭᠡᠨ ᠤ ᠮᠠᠶ᠋ᠢᠭ︾ ᠤᠨ ᠵᠠᠰᠠᠭ ᠤᠨ | ᠶᠠᠪᠤᠳᠠᠯ ᠤᠨ ᠤᠶᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠣᠯᠠᠨ ᠲᠦᠮᠡᠨ ᠢ ᠨᠢᠭᠡ ᠴᠣᠩᠬᠤᠨ ᠳᠤ ᠵᠥᠷᠢᠶᠡᠲᠦ | ᠥᠬᠡᠶ ᠡᠷᠦᠬᠡ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ᠂ ᠲᠡᠷᠭᠡ ᠵᠢᠯᠣᠭᠤᠳᠬᠤ ᠬᠠᠮᠢᠶᠠᠷᠤᠯᠲᠠ ᠵᠡᠷᠭᠡ | ᠲᠤᠬᠠᠶᠢᠯᠠᠭᠰᠠᠨ ᠠᠵᠢᠯ ᠢ ᠭᠦᠢᠴᠡᠳᠬᠡᠵᠦ᠂ ︽ᠪᠠᠭ᠎ᠠ ᠪᠠᠷ ᠠᠷᠠᠳ ᠤᠨ ᠠᠮᠢᠳᠤᠷᠠᠯ ᠳᠤ ᠤᠶᠢᠯᠡᠴᠢᠯᠡᠬᠦ︾ ᠶᠢ | ᠪᠡᠶᠡᠯᠡᠭᠦᠯᠵᠦ᠂ ᠣᠯᠠᠨ ᠲᠦᠮᠡᠨ ᠳᠤ ᠤᠶᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ᠃ | | | | | ᠣᠶᠢᠷ᠎ᠠ ᠳᠤ᠂ ᠮᠠᠶᠢᠬᠠᠨᠲᠤ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡᠨ ᠤ ᠮᠠᠶ᠋ᠢᠭ︾ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠢᠩᠬᠢᠮ ᠤᠨ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ | ᠮᠠᠶᠢᠬᠠᠨᠲᠤ ᠪᠠᠯᠭᠠᠰᠤᠨ ᠤ ᠴᠢᠩ ᠹᠧᠩ ᠶᠡᠭᠡ ᠠᠩᠭᠢ ᠶᠢᠨ ᠲᠣᠰᠬᠤᠨ ᠤ ᠠᠷᠠᠳ ᠲᠢᠶᠠᠨ ᠹᠧᠨ ᠲᠤᠤ ᠴᠣᠩᠬᠤᠨ ᠳᠤ | ᠶᠠᠭ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡᠨ ᠤ ᠳᠡᠩᠰᠡᠯᠡᠯᠲᠡ ᠶᠢᠨ ᠫᠠᠶᠢᠰᠠ ᠡᠯᠭᠦᠬᠦ | ᠲᠤᠬᠠᠶᠢᠯᠠᠭᠰᠠᠨ ᠠᠵᠢᠯ ᠢ ᠬᠦᠢᠴᠡᠳᠭᠡᠵᠦ ᠪᠠᠶᠢᠨ᠎ᠠ᠂ ᠳᠡᠩᠰᠡᠯᠡᠵᠦ ᠳᠠᠭᠤᠰᠤᠭᠰᠠᠨ ᠤ ᠳᠠᠷᠠᠭ᠎ᠠ᠂ ᠠᠵᠢᠯᠲᠠᠳ ᠪᠠᠰᠠ | ᠲᠡᠷᠭᠡᠨ ᠫᠠᠶᠢᠰᠠ ᠤᠭᠰᠠᠷᠠᠵᠤ ᠥᠭᠬᠦ ᠶᠢᠨ ᠬᠠᠮᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠴᠢᠷ ᠶᠠᠪᠤᠳᠠᠯ ᠤᠨ | ᠤᠬᠠᠭᠤᠯᠭ᠎ᠠ ᠬᠢᠵᠦ᠂ ᠲᠡᠭᠦᠨ ᠢ ᠵᠠᠮ ᠳᠡᠭᠡᠷ᠎ᠡ ᠶᠠᠪᠤᠵᠤ ᠠᠮᠤᠷ ᠲᠦᠪᠰᠢᠨ ᠢ ᠠᠩᠬᠠᠷᠬᠤ ᠬᠡᠷᠡᠭᠲᠡᠶ ᠭᠡᠵᠦ ᠵᠠᠬᠢᠪᠠ᠃ | ᠲᠣᠰᠬᠤᠨ ᠤ ᠠᠷᠠᠳ ᠲᠢᠶᠠᠨ ᠹᠧᠨ ᠲᠣᠣ ᠪᠠᠶᠠᠷᠲᠠᠶ ᠪᠠᠷ᠄ ︽ᠪᠢ ᠤᠤᠯ ᠨᠢ ᠯᠢᠶᠠᠩᠴᠧᠩ ᠳᠤ ᠣᠴᠢᠬᠤ ᠴᠢᠬᠤᠯᠠᠲᠠᠶ | ᠪᠠᠶᠢᠵᠠᠶ᠂ ᠡᠨᠡ ᠡᠳᠦᠷ ᠮᠠᠶᠢᠬᠠᠨᠲᠤ ᠳᠤ ᠬᠦᠷᠴᠦ ᠢᠷᠡᠵᠡᠢ᠂ ᠮᠠᠶᠢᠬᠠᠨᠲᠤ ᠶᠢᠨ ᠲᠣᠮᠢᠯᠠᠭᠰᠠᠨ ᠰᠠᠯᠪᠤᠷᠢ ᠶᠢᠨ ᠠᠵᠢᠯᠲᠠᠨ | ᠨᠠᠳᠠ ᠳᠤ ᠰᠦᠢᠳᠬᠡᠯ ᠬᠤᠷᠢᠶᠠᠬᠤ ᠦᠭᠡᠢ ᠪᠠᠷ ᠫᠠᠶᠢᠰᠠ ᠡᠯᠭᠦᠵᠡᠢ᠂ ᠮᠠᠰᠢ ᠰᠠᠶᠢᠨ ᠪᠠᠶᠢᠨ᠎ᠠ︾ ᠭᠡᠵᠦ ᠬᠡᠯᠡᠪᠡ᠃ | | | | | | | | | | | | | | ︽ᠨᠢᠭᠡ ᠥᠷᠲᠡᠭᠡᠨ ᠤ ᠮᠠᠶ᠋ᠢᠭ︾ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠢᠩᠬᠢᠮ ᠳᠤ | ᠦᠢᠯᠡᠴᠢᠯᠡᠭᠡᠨ ᠤ ᠲᠥᠷᠥᠯ ᠵᠦᠢᠯ ᠢ ᠲᠠᠰ ᠳᠡᠪᠰᠢᠭᠦᠯᠦᠨ ᠰᠢᠯᠢᠳᠡᠭᠵᠢᠭᠦᠯᠵᠦ᠂ ᠬᠠᠷᠢᠶ᠎ᠠ ᠣᠷᠣᠨ ᠤ ᠣᠯᠠᠨ | ᠲᠦᠮᠡᠨ ᠳᠤ ᠵᠢᠵᠢᠭ ᠬᠡᠯᠪᠡᠷᠢ ᠶᠢᠨ ᠮᠠᠰᠢᠨ ᠲᠡᠷᠭᠡ᠂ ᠮᠣᠲ᠋ᠣᠷ ᠲᠡᠷᠭᠡ ᠵᠡᠷᠭᠡ ᠲᠡᠷᠭᠡ ᠬᠥᠰᠬᠡ ᠶᠢᠨ ᠮᠡᠳᠡᠭᠡ ᠵᠠᠩᠭᠢ ᠶᠢ | ᠪᠠᠶᠢᠴᠠᠭᠠᠨ ᠯᠠᠪᠯᠠᠬᠤ᠂ ᠵᠢᠯᠣᠭᠤᠴᠢ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠵᠢᠴᠢ ᠮᠠᠰᠢᠨᠲᠤ | ᠪᠤᠰᠤ ᠲᠡᠷᠭᠡ ᠶᠢ ᠭᠥᠯᠢᠶᠡᠨ ᠠᠪᠴᠤ ᠰᠢᠢᠳᠪᠦᠷᠢᠯᠡᠬᠦ ᠲᠤᠬᠠᠶᠢᠯᠠᠭᠰᠠᠨ ᠠᠵᠢᠯ᠂ ᠵᠢᠴᠢ ᠵᠢᠯᠣᠭᠤᠴᠢ ᠶᠢᠨ | ᠦᠨᠡᠮᠯᠡᠯ ᠤᠨ ᠰᠢᠯᠭᠠᠯᠲᠠ ᠶᠢᠨ ︽ᠬᠦᠷᠭᠡᠵᠦ ᠰᠢᠯᠭᠠᠭᠤᠯᠬᠤ ᠶᠢ ᠬᠥᠳᠡᠭᠡ ᠪᠠᠭᠤᠯᠭᠠᠬᠤ︾ ᠵᠡᠷᠭᠡ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ︽ᠪᠥᠬᠦ | ᠲᠤᠬᠠᠶᠢᠯᠠᠭᠰᠠᠨ ᠠᠵᠢᠯ︾ ᠢ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡᠨ ᠤ ᠮᠠᠶ᠋ᠢᠭ︾ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠶᠡᠭᠡ ᠲᠢᠩᠬᠢᠮ ᠳᠤ ᠣᠶᠢᠷ᠎ᠠ ᠬᠠᠪᠢ ᠳᠤᠨᠢ ᠪᠦᠬᠦᠨ ᠢ ᠭᠦᠢᠴᠡᠳᠭᠡᠬᠦ ᠶᠢ ᠦᠨᠡᠨ ᠬᠦ ᠪᠡᠶᠡᠯᠡᠭᠦᠯᠪᠡ᠃ | | | | | | ᠮᠠᠶᠢᠬᠠᠨᠲᠤ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡ ᠮᠠᠶ᠋ᠢᠭ︾ ᠤᠨ ᠶᠡᠷᠦᠩᠬᠡᠶᠢᠯᠡᠭᠰᠡᠨ | ᠤᠶᠢᠯᠡᠴᠢᠯᠡᠭᠡᠨ ᠤ ᠲᠢᠩᠬᠢᠮ ᠨᠢᠭᠡᠨᠲᠡ ᠣᠯᠠᠨ ᠲᠦᠮᠡᠨ ᠳᠤ ᠡᠷᠦᠬᠡ ᠠᠮᠠ ᠶᠢᠨ ᠶᠠᠪᠤᠳᠠᠯ᠂ ᠠᠮᠤᠷ ᠢ ᠬᠠᠮᠠᠭᠠᠯᠠᠬᠤ᠂ | ᠬᠢᠯᠢ ᠪᠠᠷ ᠣᠷᠣᠵᠤ ᠭᠠᠷᠬᠤ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ 293 ᠵᠤᠶᠢᠯ ᠤᠨ | ᠲᠤᠬᠠᠶᠢᠯᠠᠭᠰᠠᠨ ᠠᠵᠢᠯ ᠢ ᠭᠦᠢᠴᠡᠳᠭᠡᠵᠦ᠂ ᠠᠳᠠᠯᠢ ᠬᠤᠭᠤᠴᠠᠭᠠᠨ ᠳᠤ 35.17% ᠪᠠᠷ ᠨᠡᠮᠡᠭᠳᠡᠪᠡ᠃ | ᠥᠩᠭᠡᠷᠡᠭᠰᠡᠨ ᠳᠤ ᠣᠯᠠᠨ ᠲᠦᠮᠡᠨ ᠮᠠᠰᠢᠨ ᠲᠡᠷᠭᠡ ᠪᠠᠶᠢᠴᠠᠭᠠᠨ ᠯᠠᠪᠯᠠᠬᠤ᠂ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ | ᠠᠵᠢᠯ ᠢ ᠰᠢᠶᠠᠨ ᠤ ᠬᠤᠲᠠ ᠳᠤ 1 - 2 ᠡᠳᠦᠷ ᠬᠦᠢᠴᠡᠳᠬᠡᠵᠦ᠂ ᠣᠲᠣ ᠵᠥᠪᠬᠡᠨ 10 ᠮᠢᠨᠦ᠋ᠲ ᠣᠷᠴᠢᠮ | ᠬᠦᠢᠴᠡᠳᠬᠡᠵᠦ ᠳᠠᠭᠤᠰᠬᠠᠨ᠎ᠠ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠣᠯᠠᠨ | ᠲᠦᠮᠡᠨ ᠤ ᠬᠡᠷ ᠤᠨ ᠡᠭᠦᠳᠡᠨ ᠳᠤ ᠬᠦᠷᠲᠡᠯ᠎ᠡ ᠤᠷᠲᠤᠳᠬᠠᠵᠤ᠂ ︽ᠠᠵᠢᠯ ᠶᠠᠪᠤᠳᠠᠯ ᠬᠦᠢᠴᠡᠳᠭᠡᠵᠦ ᠳᠡᠶᠢᠯᠬᠦ᠂ | ᠲᠦᠷᠭᠡᠨ ᠠᠵᠢᠯ ᠶᠠᠪᠤᠳᠠᠯ ᠬᠦᠢᠴᠡᠳᠬᠡᠬᠦ᠂ ᠠᠵᠢᠯ ᠶᠠᠪᠤᠳᠠᠯ ᠪᠦᠲᠦᠭᠡᠵᠦ ᠳᠡᠶᠢᠯᠬᠦ︾ ᠶᠢ ᠦᠨᠡᠨ ᠬᠦ ᠪᠡᠶᠡᠯᠡᠭᠦᠯᠪᠡ᠃ | | | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | | |