ᠰᠢᠶᠠᠨ ᠤ ᠵᠠᠰᠠᠭ ᠤᠨ ᠣᠷᠳᠣᠨ ᠤ 2024 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠮᠵᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/3
   12 ᠰᠠᠷ᠎ᠠ ᠶᠢᠨ 2᠎ ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠮᠵᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠣᠷᠣᠯᠴᠠᠪᠠ᠃    ᠬᠤᠷᠠᠯ ᠠᠴᠠ ᠡᠮᠦᠨ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠎ ᠶᠢ ᠲᠥᠪᠯᠡᠷᠡᠭᠦᠯᠦᠨ ᠰᠤᠷᠤᠯᠴᠠᠵᠤ᠂ ᠬᠤᠷᠠᠯ ᠠᠴᠠ ᠡᠮᠦᠨ᠎ᠡ ᠶᠡᠷᠦᠩᠬᠡᠶ ᠱᠦᠵᠢ ᠰᠢ ᠶᠢᠨ ᠫᠢᠩ ᠤᠨ ᠬᠤᠪᠧᠶ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ︽ᠯᠢᠶᠠᠩᠴᠧᠩ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠥᠰᠦᠯ︾᠂ ︽ᠯᠢᠶᠠᠩᠴᠧᠩ ᠰᠢᠶᠠᠨ ᠤ 2024 ᠣᠨ ᠤ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠲᠦᠭᠡᠭᠡᠬᠦ ᠲᠤᠤᠷ ᠤᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠨ ᠪᠠᠶᠢᠭᠤᠯᠵᠤ ᠨᠥᠭᠡᠴᠡᠯᠡᠬᠦ ᠲᠥᠷᠥᠯ  ᠵᠤᠶᠢᠯ ᠤᠨ ᠠᠷᠭ᠎ᠠ ᠵᠠᠮ ᠤᠨ ᠲᠥᠰᠦᠯ︾᠂ ︽ᠯᠢᠶᠠᠩᠴᠧᠩ ᠰᠢᠶᠠᠨ ᠤ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ ᠤᠨ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠪᠡ᠃ ᠬᠤᠷᠠᠯ ᠠᠴᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠎ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠮᠠᠨ ᠤ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠪᠣᠯᠤᠨ ᠬᠠᠮᠠᠭᠠᠯᠠᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠥᠳᠡᠯᠦᠩᠭᠦᠢ ᠬᠠᠮᠢᠶᠠᠷᠤᠯᠲᠠ ᠪᠣᠯᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠤᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠪᠣᠯᠤᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠵᠤ᠂ ︽ᠲᠦᠷᠪᠡ ᠶᠢ ᠪᠦᠷᠢᠳᠦᠭᠦᠯᠬᠦ︾ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠲᠦᠪᠰᠢᠨ ᠢ ᠳᠡᠭᠡᠭᠰᠢᠯᠡᠭᠦᠯᠵᠦ᠂ ᠮᠠᠨ ᠤ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2