ᠳᠠᠭ᠎ᠠ ᠶᠢᠨ ᠨᠠᠭᠤᠷ ᠤᠨ ᠴᠠᠰᠤᠨ ᠳᠤ ᠭᠤᠯᠭᠤᠬᠤ ᠲᠠᠯᠠᠪᠠᠢ 2024- 2025 ᠴᠠᠰᠤᠨ ᠨᠠᠶᠢᠷ ᠤᠨ ᠡᠬᠢᠯᠡᠯᠳᠡ ᠤᠯᠠᠨ ᠮᠤᠵᠢ ᠬᠤᠳᠠ ᠶᠢᠨ ᠬᠡᠭᠡᠷᠡᠯᠡᠨ ᠴᠠᠨᠠᠯᠠᠬᠤ ᠲᠠᠮᠢᠷᠴᠢᠨ ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ ᠳᠤ ᠪᠤᠯᠪᠠᠰᠤᠷᠠᠨ‌ᠡᠬᠢᠯᠡᠪᠡ
ᠨᠡᠶᠢᠲᠡᠯᠡᠭᠰᠡᠨ ᠴᠠᠭ᠄
2024/12/8
  12 ᠰᠠᠷ᠎ᠠ ᠶᠢᠨ 6 ᠤ ᠡᠳᠦᠷ᠂ ᠳᠠᠭ᠎ᠠ ᠶᠢᠨ ᠨᠠᠭᠤᠷ ᠤᠨ ᠴᠠᠰᠤᠨ ᠳᠤ ᠭᠤᠯᠭᠤᠬᠤ ᠲᠠᠯᠠᠪᠠᠢ 2024 - 2025 ᠴᠠᠰᠤᠨ ᠤ ᠨᠠᠶᠢᠷ ᠲᠤ ᠡᠬᠢᠯᠡᠪᠡ᠃ ᠬᠡᠳᠦᠨ ᠡᠳᠦᠷ ᠤᠨ ᠲᠤᠷᠰᠢ᠂ ᠰᠧᠴᠤᠸᠠᠨ᠂ ᠭᠠᠨᠰᠦ᠂ ᠲᠢᠶᠠᠨᠵᠢᠨ ᠵᠡᠷᠭᠡ ᠮᠣᠵᠢ ᠬᠤᠲᠠ ᠶᠢᠨ 120 ᠭᠠᠷᠤᠢ ᠲᠠᠮᠢᠷᠴᠢᠨ ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ ᠳᠤ ᠱᠠᠯᠠᠪᠳᠠᠨ ᠪᠣᠯᠪᠠᠰᠤᠷᠠᠯ ᠬᠢᠵᠦ᠂ ᠤᠳᠠᠯ ᠦᠭᠡᠢ ᠴᠠᠩ ᠪᠠᠢ ᠱᠠᠨ ᠳᠤ ᠶᠠᠪᠤᠭᠳᠠᠬᠤ ᠭᠡᠵᠦ  ᠪᠠᠶᠢᠭ᠎ᠠ 2024 - 2025 ᠣᠨ ᠤ ᠤᠷᠤᠯᠳᠤᠭᠠᠨ ᠤ ᠤᠯᠠᠷᠢᠯ ᠤᠨ ᠪᠦᠬᠦ ᠤᠯᠤᠰ ᠤᠨ ᠬᠡᠭᠡᠷᠡᠯᠡᠨ ᠭᠤᠯᠭᠤᠬᠤ ᠮᠠᠩᠯᠠᠢ ᠱᠢᠯᠭᠠᠷᠠᠭᠤᠯᠬᠤ ᠤᠷᠤᠯᠳᠤᠭᠠᠨ ᠳᠤ ᠣᠷᠣᠯᠴᠠᠬᠤ ᠪᠠᠷ  ᠪᠠᠶᠢᠨ᠎ᠠ᠃
      ᠡᠪᠦᠯ ᠤᠨ ᠯᠢᠶᠠᠩᠴᠧᠩ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠮᠥᠩᠭᠦᠨ ᠴᠠᠰᠤ᠂ ᠥᠷᠭᠡᠨ ᠠᠭᠤᠳᠠᠮ ᠬᠡᠭᠡᠷᠯᠡᠨ ᠭᠤᠯᠭᠤᠬᠤ ᠤᠷᠤᠯᠳᠤᠭᠠᠨ ᠤ ᠵᠠᠮ ᠨᠢ ᠶᠠᠭ ᠯᠠ ᠮᠥᠩᠭᠦᠨ ᠥᠩᠭᠡ ᠶᠢᠨ ᠲᠣᠷᠭᠠᠨ ᠪᠦᠰᠡ ᠮᠡᠲᠦ  ᠪᠠᠶᠢᠵᠦ᠂ ᠨᠠᠷᠠᠨ ᠤ ᠭᠡᠷᠡᠯ ᠳᠣᠣᠷ᠎ᠠ ᠭᠢᠯᠠᠯᠵᠠᠨ᠎ᠠ᠃ ᠠᠳᠠᠯᠢ ᠪᠤᠰᠤ ᠤᠷᠤᠯᠳᠤᠭᠠᠨ ᠤ ᠬᠤᠪᠴᠠᠰᠤ ᠡᠮᠦᠰᠦᠭᠰᠡᠨ ᠲᠠᠮᠢᠷᠴᠢᠳ ᠴᠠᠨ᠎ᠠ ᠪᠠᠨ ᠭᠢᠰᠭᠢᠵᠦ᠂ ᠴᠠᠨ᠎ᠠ ᠪᠠᠨ ᠪᠠᠷᠢᠵᠤ᠂ ᠱᠠᠯᠠᠪᠬᠠᠨ ᠭᠤᠯᠭᠤᠬᠤ ᠳᠠᠭᠠᠨ ᠳᠠᠪᠬᠢᠵᠤ᠂ ᠴᠠᠰᠤᠨ ᠵᠠᠮ ᠳᠡᠭᠡᠷ᠎ᠡ ᠨᠢᠭᠡᠨ ᠭᠤᠶᠣ ᠨᠣᠮᠣᠨ ᠱᠤᠭᠤᠮ ᠭᠠᠷᠭᠠᠪᠠ᠃
   ᠰᠧᠴᠤᠸᠠᠨ ᠮᠤᠵᠢ ᠶᠢᠨ ᠯᠦᠵᠸᠦ ᠬᠤᠲᠠ ᠶᠢᠨ ᠲᠥᠯᠥᠭᠡᠯᠡᠭᠴᠢᠳ ᠤᠨ ᠠᠩᠭᠢ ᠡᠪᠦᠯ ᠤᠨ ᠤᠯᠠᠷᠢᠯ ᠤᠨ ᠴᠠᠨᠠᠯᠠᠯᠳᠠ ᠶᠢᠨ ᠬᠤᠶᠠᠷ ᠲᠠᠮᠢᠷᠴᠢᠨ ᠵᠠᠩ ᠱᠧᠩ ᠨᠠᠨ    ᠡᠨᠡ ᠪᠣᠯ ᠮᠢᠨᠦ ᠯᠢᠶᠠᠩᠴᠧᠩ ᠳᠤ ᠬᠤᠶᠠᠳᠠᠬᠢ ᠤᠳᠠᠭ᠎ᠠ ᠢᠷᠡᠵᠦ ᠴᠠᠰᠤ ᠭᠤᠯᠭᠤᠬᠤ ᠲᠠᠯᠠᠪᠠᠢ ᠳᠤ ᠬᠦᠷᠴᠦ ᠪᠣᠯᠪᠠᠰᠤᠷᠠᠯ ᠬᠢᠵᠦ  ᠪᠠᠶᠢᠭ᠎ᠠ ᠭᠠᠵᠠᠷ ᠪᠣᠯᠤᠨ᠎ᠠ᠂ ᠡᠨᠡ ᠨᠢ ᠤᠯᠤᠰ ᠤᠨ ᠤᠷᠤᠯᠳᠤᠭᠠᠨ ᠤ ᠲᠠᠯᠠᠪᠤᠷ ᠲᠤ  ᠤᠶᠢᠷᠠᠳᠤᠵᠦ ᠪᠠᠶᠢᠪᠠ᠂ ᠠᠳᠡᠬᠢ ᠴᠠᠰᠤᠨ ᠳᠤ ᠭᠤᠯᠭᠤᠬᠤ ᠵᠠᠮ ᠨᠢ ᠪᠢᠳᠡᠨ ᠤ ᠪᠣᠯᠪᠠᠰᠤᠷᠠᠯ ᠳᠤ ᠲᠣᠩ  ᠠᠰᠢᠭᠳᠠᠢ᠂ ᠠᠭᠤᠷ ᠠᠮᠢᠰᠭᠤᠯ ᠨᠢ ᠴᠦ  ᠰᠢᠨ᠎ᠡ ᠰᠣᠷᠭᠤᠭ᠂ ᠣᠷᠴᠢᠨ ᠲᠣᠭᠤᠷᠢᠨ ᠨᠢ ᠴᠦ  ᠮᠠᠰᠢ ᠭᠤᠶᠣ᠃
      ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ ᠪᠣᠯ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠴᠠᠰᠤᠨ ᠳᠤ ᠭᠤᠯᠭᠤᠬᠤ ᠲᠠᠯᠠᠪᠠᠢ ᠪᠠᠶᠢᠵᠤ᠂ ᠥᠨᠳᠥᠷ᠂ ᠳᠤᠮᠳᠠ᠂ ᠠᠩᠬᠠᠨ ᠤ ᠴᠠᠰᠤᠨ ᠵᠠᠮ᠂ ᠤᠯᠠᠨ ᠤᠯᠤᠰ ᠤᠨ ᠪᠠᠷᠢᠮᠵᠢᠶᠠᠲᠤ ᠬᠡᠭᠡᠷᠡᠯᠡᠬᠦ ᠤᠷᠤᠯᠳᠤᠭᠠᠨ ᠤ ᠵᠠᠮ᠂ ᠲᠠᠩ ᠬᠠᠪᠲᠠᠰᠤᠨ ᠪᠠᠷᠢᠮᠵᠢᠶ᠎ᠠ ᠶᠢᠨ U ᠬᠡᠯᠪᠡᠷᠢ ᠶᠢᠨ ᠲᠠᠯᠠᠪᠤᠷ ᠤᠨ ᠲᠤᠰᠬᠠᠢ ᠤᠷᠤᠯᠳᠤᠭᠠᠨ ᠤ ᠵᠠᠮ ᠵᠡᠷᠭᠡ 12 ᠵᠤᠷᠪᠤᠰ ᠲᠠᠢ ᠪᠠᠶᠢᠵᠤ ᠂ ᠶᠡᠷᠦᠩᠬᠡᠢ ᠣᠷᠳᠣ ᠨᠢ 7.5 ᠺᠢᠯᠣᠮᠧᠳ᠋ᠷ ᠪᠣᠯᠤᠨ᠎ᠠ᠃ ᠡᠨᠡ ᠬᠤᠶᠠᠷ ᠵᠢᠯ ᠳᠤ᠂ ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠴᠠᠰᠤᠨ ᠳᠡᠭᠡᠷᠡᠬᠢ ᠤᠷᠤᠯᠳᠤᠭᠠᠨ ᠤ ᠲᠦᠷᠦᠯ ᠵᠦᠢᠯ᠂ ᠪᠦᠬᠦ ᠤᠯᠤᠰ ᠤᠨ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠨᠳᠥᠷ ᠠᠭᠤᠯᠠ ᠶᠢᠨ ᠴᠡᠨᠡᠯᠡᠯᠲᠡ ᠶᠢᠨ ᠤᠷᠤᠯᠳᠤᠭᠠᠨ᠂ 2020 - 2021 ᠣᠨ ᠤ ᠤᠷᠤᠯᠳᠤᠭᠠᠨ ᠤ ᠤᠯᠠᠷᠢᠯ ᠤᠨ ᠪᠦᠬᠦ ᠤᠯᠤᠰ ᠤᠨ ᠡᠪᠦᠯ ᠤᠨ ᠤᠯᠠᠷᠢᠯ ᠤᠨ ᠬᠤᠶᠠᠷ ᠵᠦᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠂ ᠳᠤᠮᠳᠠᠳᠤ ᠤᠯᠤᠰ ᠤᠨ ᠠᠷᠠᠳ ᠤᠨ ᠣᠯᠢᠮᠫᠢᠺ ᠤᠨ ᠴᠤᠭᠯᠠᠭᠠᠨ ᠤ ︽ᠨᠢᠰᠬᠦ ᠴᠠᠰᠤᠨ ᠤ ᠲᠦᠢᠯ︾ ᠤᠨ ᠤᠯᠠᠨ ᠤᠯᠤᠰ ᠤᠨ ᠥᠷᠢᠰᠥᠯᠳᠦᠭᠡᠨ ᠤ ᠤᠷᠤᠯᠳᠤᠭᠠᠨ ᠵᠡᠷᠭᠡ ᠤᠯᠠᠨ ᠵᠦᠢᠯ ᠤᠨ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠲᠤᠮᠤ ᠬᠡᠯᠪᠡᠷᠢ ᠶᠢᠨ ᠮᠥᠰᠥ ᠴᠠᠰᠤᠨ ᠤ ᠤᠷᠤᠯᠳᠤᠭᠠᠨ ᠢ ᠳᠠᠭᠠᠭᠠᠴᠢᠯᠠᠨ ᠡᠷᠬᠢᠯᠡᠬᠦ ᠶᠢᠨ ᠬᠠᠮᠲᠤ ᠪᠦᠬᠦ ᠤᠯᠤᠰ ᠤᠨ ᠤᠯᠠᠨ ᠮᠤᠵᠢ ᠬᠤᠳᠠ ᠶᠢᠨ ᠴᠠᠰᠤᠨ ᠳᠤ ᠭᠤᠯᠭᠤᠬᠤ ᠠᠩᠬᠢ ᠶᠢᠨ ᠪᠣᠯᠪᠠᠰᠤᠷᠠᠯ ᠤᠨ ᠲᠠᠯᠠᠪᠤᠷ ᠪᠣᠯᠤᠭᠰᠠᠨ ᠪᠠᠶᠢᠨ᠎ᠠ᠃ ᠯᠢᠶᠠᠩᠴᠧᠩ ᠤᠨ ᠴᠠᠰᠤᠨ ᠴᠠᠨ᠎ᠠ ᠶᠢᠨ ᠲᠠᠯᠠᠪᠠᠢ ᠶᠢᠨ ᠪᠠᠶᠢᠭᠠᠯᠢ ᠶᠢᠨ ᠨᠥᠬᠦᠴᠡᠯ ᠪᠠ ᠪᠦᠷᠢᠨ ᠲᠡᠭᠦᠯᠳᠡᠷ ᠲᠥᠬᠦᠭᠡᠷᠦᠮᠵᠢ ᠠᠴᠠ ᠪᠣᠯᠵᠤ᠂ ᠨᠢᠭᠡᠨᠲᠡ ᠮᠠᠰᠢ ᠣᠯᠠᠨ ᠴᠠᠰᠤᠨ ᠳᠤ ᠭᠤᠯᠭᠤᠬᠤ ᠳᠤᠷᠠᠲᠠᠶ ᠬᠥᠮᠦᠰ ᠪᠠ ᠲᠤᠰᠬᠠᠶ ᠮᠡᠷᠭᠡᠵᠢᠯ ᠤᠨ ᠲᠠᠮᠢᠷᠴᠢᠳ ᠤᠨ ᠲᠡᠷᠢᠭᠦᠨ ᠰᠣᠩᠭᠤᠯᠲᠠ ᠶᠢᠨ ᠭᠠᠵᠠᠷ ᠪᠣᠯᠤᠭᠰᠠᠨ ᠪᠠᠶᠢᠨ᠎ᠠ᠃ ᠯᠢᠶᠠᠩᠴᠧᠩ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ ᠤᠷᠤᠯᠳᠤᠭᠠᠨ ᠤ ᠵᠠᠮ ᠤᠨ ᠭᠤᠣᠯᠯᠠᠨ ᠬᠠᠮᠢᠶᠠᠷᠤᠭᠴᠢ ᠯᠢᠦ ᠶᠠᠩ ᠲᠠᠨᠢᠯᠴᠠᠭᠤᠯᠬᠤ ᠳᠠᠭᠠᠨ᠄ ︽ᠡᠯ᠎ᠡ ᠪᠣᠯᠪᠠᠰᠤᠷᠠᠯ ᠤᠨ ᠠᠩᠬᠢ ᠶᠢᠨ ᠠᠳᠠᠯᠢ ᠪᠤᠰᠤ ᠱᠠᠭᠠᠷᠳᠠᠯᠭ᠎ᠠ ᠪᠣᠯᠤᠨ ᠵᠠᠷᠢᠮ ᠡᠪᠦᠯ ᠤᠨ ᠤᠯᠠᠷᠢᠯ ᠤᠨ ᠲᠦᠷᠦᠯ ᠵᠦᠢᠯ ᠤᠨ ᠪᠤᠰᠤᠳ ᠱᠠᠭᠠᠷᠳᠠᠯᠭ᠎ᠠ ᠶᠢ ᠦᠨᠳᠦᠰᠦᠯᠡᠨ᠂ ᠪᠢᠳᠡ ᠡᠳᠦᠷ ᠪᠦᠷᠢ ᠴᠠᠰᠤᠨ ᠳᠤ ᠭᠤᠯᠭᠤᠬᠤ ᠵᠠᠮ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠴᠠᠰᠤᠨ ᠳᠤ ᠭᠤᠯᠭᠤᠬᠤ ᠠᠩᠬᠢ ᠶᠢᠨ ᠪᠣᠯᠪᠠᠰᠤᠷᠠᠯ ᠤᠨ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠢ ᠢᠳᠡᠪᠬᠢᠲᠡᠢ ᠬᠠᠮᠵᠢᠯᠴᠠᠨ ᠰᠢᠢᠳᠪᠦᠷᠢᠯᠡᠨ᠎ᠡ︾᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2