ᠰᠢᠶᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠭᠠᠵᠠᠷ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠤᠯᠪᠤᠭᠠᠯᠠᠨ‌‍ᠲ᠋ᠢᠶᠠᠨ ᠴᠧᠩ ᠰᠢᠶᠠᠩ ᠤᠨ ᠵᠢᠩ ᠡᠯ ᠲᠣᠰᠬᠤᠨ ᠳᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2024/2/1
 1 ᠰᠠᠷ᠎ᠠ ᠶᠢᠨ 31᠎ ᠤ ᠡᠳᠦᠷ᠂ ᠰᠢᠶᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠭᠠᠵᠠᠷ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠤᠯᠪᠤᠭᠠᠯᠠᠨ ᠲᠢᠶᠠᠨ ᠴᠧᠩ ᠰᠢᠶᠠᠩ ᠤᠨ ᠵᠢᠩ ᠡᠯ ᠲᠣᠰᠬᠤᠨ ᠳᠤ ᠬᠦᠷᠴᠦ᠂ ᠡᠷᠦᠬᠡ ᠳᠤ ᠬᠦᠷᠴᠦ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠲᠤᠲᠤᠷᠭ᠎ᠠ᠂ ᠬᠥᠪᠥᠩ ᠬᠤᠪᠴᠠᠰᠤ᠂ ᠪᠠᠩᠰᠢ ᠵᠡᠷᠭᠡ ᠶᠢ ᠲᠣᠬᠤᠨᠢᠭᠤᠯᠵᠤ᠂ ᠣᠯᠠᠨ ᠲᠦᠮᠡᠨ ᠳᠤ ᠪᠠᠶᠠᠷ ᠤᠨ ᠡᠳᠦᠷ ᠠᠴᠠ ᠡᠮᠦᠨ᠎ᠡ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠪᠡ᠃
          ᠡᠷᠦᠭᠡ ᠳᠤ ᠣᠷᠣᠵᠤ ᠲᠣᠬᠤᠨᠢᠭᠤᠯᠬᠤ ᠶᠠᠪᠤᠴᠠ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠭᠤᠤ ᠸᠠᠨ ᠶᠢᠨ ᠪᠣᠯᠤᠨ ᠠᠬᠠᠮᠠᠳ ᠨᠠᠮ ᠤᠨ ᠭᠡᠰᠢᠭᠦᠨ ᠵᠠᠩ ᠶᠢᠨ ᠸᠠ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠬᠡᠷᠡᠭᠴᠡᠭᠡ ᠶᠢ ᠯᠠᠪᠯᠠᠨ ᠠᠰᠠᠭᠤᠵᠤ᠂ ᠲᠡᠳᠡᠨ ᠢ ᠪᠠᠶᠠᠰᠤᠩᠭᠤᠶ ᠥᠭᠡᠳᠡᠷᠬᠡᠭ ᠰᠡᠳᠬᠢᠴᠡ ᠲᠠᠢ ᠪᠠᠶᠢᠵᠤ᠂ ᠠᠮᠢᠳᠤᠷᠠᠯ ᠤᠨ ᠳᠤᠮᠳᠠᠬᠢ ᠬᠦᠴᠢᠷᠳᠡᠯ ᠪᠣᠯᠤᠨ ᠥᠷᠢᠰᠥᠯᠳᠦᠭᠡᠨ ᠳᠤ ᠵᠣᠷᠢᠭᠲᠠᠶ ᠪᠠᠷ ᠬᠠᠨᠳᠤᠬᠤ ᠶᠢ ᠵᠣᠷᠢᠭᠵᠢᠭᠤᠯᠪᠠ᠃ ᠡᠭᠦᠨ ᠤ ᠬᠠᠮᠲᠤ᠂ ᠲᠣᠬᠤᠨᠢᠭᠤᠯᠬᠤ ᠳᠤᠭᠤᠶᠢᠯᠠᠩ ᠪᠠᠰᠠ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃      ᠵᠢᠩ ᠡᠯ ᠲᠣᠰᠬᠤᠨ ᠤ ᠨᠢᠭᠡᠳᠦᠭᠡᠷ ᠱᠦᠵᠢ᠂ ᠨᠠᠮ ᠤᠨ ᠡᠭᠦᠷ ᠤᠨ ᠱᠦᠵᠢ ᠵᠠᠩ ᠰᠢᠶᠤᠤ ᠱᠤᠸᠠᠢ    ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠲᠣᠬᠤᠨᠢᠭᠤᠯᠤᠭᠴᠢᠳ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠠᠮᠢᠳᠤᠷᠠᠯ ᠤᠨ ᠡᠳ᠋ ᠪᠣᠳᠠᠰ ᠬᠦᠷᠭᠡᠵᠦ᠂ ᠲᠡᠳᠡᠨ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠮᠡᠳᠡᠷᠡᠭᠦᠯᠪᠡ᠃ ᠡᠲᠡᠭᠡᠷ ᠠᠮᠢᠳᠤᠷᠠᠯ ᠤᠨ ᠡᠳ᠋ ᠪᠣᠳᠠᠰ ᠨᠢ ᠪᠣᠳᠠᠰ ᠤᠨ ᠲᠠᠯ᠎ᠠ ᠶᠢᠨ ᠳᠡᠮᠵᠢᠯᠭᠡ ᠪᠣᠯᠬᠤ ᠪᠠᠷ ᠪᠠᠷᠠᠬᠤ ᠥᠬᠡᠶ᠂ ᠨᠠᠩ ᠴᠤ ᠣᠶᠤᠨ ᠰᠠᠨᠠᠭᠠᠨ ᠤ ᠲᠠᠯ᠎ᠠ ᠶᠢᠨ ᠬᠠᠯᠠᠮᠵᠢᠯᠠᠯ ᠪᠠᠶᠢᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠨᠠᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠨ᠎ᠡ᠃    ︽ᠶᠠᠪᠤᠬᠤ︾᠎ ᠪᠠᠷ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ︽ᠲᠠᠶᠢᠳᠬᠤᠷᠠᠭᠤᠯᠵᠤ︾᠂ ᠬᠥᠮᠦᠰ ᠤᠨ ᠰᠡᠳᠬᠢᠯ ᠢ ᠲᠠᠲᠠᠭᠰᠠᠨ ᠢᠶᠠᠷ ᠪᠠᠷᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠪᠣᠳᠠᠰ ᠤᠨ ᠲᠠᠯ᠎ᠠ ᠪᠠᠷ ᠲᠠᠶᠢᠳᠬᠤᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠬᠠᠮᠤᠭ ᠤᠨ ᠴᠢᠬᠤᠯᠠ ᠨᠢ ᠨᠠᠮ ᠪᠠ ᠵᠠᠰᠠᠭ ᠤᠨ ᠣᠷᠳᠣᠨ ᠠᠴᠠ ᠲᠡᠳᠡᠨ ᠢ ᠬᠠᠶᠢᠷᠠᠯᠠᠨ ᠬᠠᠯᠠᠮᠵᠢᠯᠠᠵᠤ᠂ ᠤᠯᠠᠨ ᠲᠦᠮᠡᠨ ᠳᠤ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2