ᠯᠢᠶᠠᠩᠴᠧᠩ ᠤᠨ ᠤᠷᠤᠯᠳᠤᠭᠠᠨ ᠤ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠳᠤᠭᠤᠶᠢᠯᠠᠩ ᠲᠠᠯᠠᠪᠤᠷ ᠲᠤ ᠬᠦᠷᠴᠦ ᠬᠠᠶᠢᠨ ᠰᠢᠨᠵᠢᠬᠦ ᠵᠢᠴᠢ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/2/1
ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠴᠠᠰᠤᠨ ᠳᠡᠭᠡᠷᠡᠬᠢ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ ᠲᠦᠷᠭᠡᠨ ᠠᠪᠤᠷᠠᠯᠳᠠ ᠶᠢᠨ ᠡᠮᠴᠢᠯᠡᠭᠡᠨ ᠤ ᠠᠩᠭᠢ ᠶᠢ ᠬᠥᠮᠦᠵᠢᠭᠦᠯᠵᠦ᠂ 1 ᠰᠠᠷ᠎ᠠ ᠶᠢᠨ 29 ᠤ ᠡᠳᠦᠷ᠂ ᠯᠢᠶᠠᠩᠴᠧᠩ ᠤᠷᠤᠯᠳᠤᠭᠠᠨ ᠤ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠳᠤᠭᠤᠶᠢᠯᠠᠩ ᠪᠡᠭᠡᠵᠢᠩ ᠤᠨ ᠴᠠᠰᠤᠨ ᠳᠤ ᠭᠤᠯᠭᠤᠬᠤ ᠡᠮᠴᠢ ᠶᠢ ᠤᠷᠢᠵᠤ ᠯᠢᠶᠠᠩᠴᠧᠩ ᠰᠢᠶᠠᠨ ᠤ ᠴᠠᠰᠤᠨ ᠳᠤ ᠭᠤᠯᠭᠤᠬᠤ ᠲᠠᠯᠠᠪᠠᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠢᠭᠠᠨ ᠵᠢᠯᠣᠭᠤᠳᠪᠠ᠃
     ᠲᠠᠩ ᠬᠠᠪᠲᠠᠰᠤ ᠪᠠ ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ᠂ ᠬᠠᠷᠰᠢ ᠰᠠᠭᠠᠳ ᠢ ᠨᠡᠬᠡᠮᠵᠢᠯᠡᠬᠦ ᠤᠷᠤᠯᠳᠤᠭᠠᠨ ᠤ ᠵᠠᠮ ᠳᠤ ᠬᠠᠮᠤᠭ ᠤᠨ ᠰᠠᠶᠢᠨ ᠠᠪᠤᠷᠠᠨ ᠵᠠᠰᠠᠬᠤ ᠱᠤᠭᠤᠮ ᠲᠣᠭᠲᠠᠭᠠᠵᠤ᠂ ᠣᠨᠣᠰᠢᠯᠠᠨ ᠡᠮᠨᠡᠬᠦ ᠶᠠᠪᠤᠴᠠ ᠶᠢ ᠵᠦᠶ ᠵᠣᠬᠢᠰᠲᠠᠶ ᠳᠣᠭᠢᠷᠠᠭᠤᠯᠬᠤ ᠶᠢᠨ ᠲᠥᠯᠥᠭᠡ᠂ ᠡᠮᠴᠢᠯᠡᠭᠡᠨ ᠤ ᠲᠤᠰᠬᠠᠶ ᠮᠡᠷᠭᠡᠵᠢᠯᠲᠡᠨ ᠪᠠ ᠴᠠᠰᠤᠨ ᠳᠤ ᠭᠤᠯᠭᠤᠬᠤ ᠡᠮᠴᠢ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠰᠣᠷᠢᠯᠲᠠ ᠬᠢᠭᠰᠡᠨ ᠪᠥᠭᠡᠳ ᠤᠷᠤᠯᠳᠤᠭᠠᠨ ᠤ ᠲᠠᠯᠠᠪᠤᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠠᠵᠢᠯᠲᠠᠳ ᠡᠮᠴᠢᠯᠡᠭᠡᠨ ᠤ ᠲᠥᠬᠦᠭᠡᠷᠦᠮᠵᠢ᠂ ᠡᠮ ᠤᠨ ᠵᠦᠢᠯ᠂ ᠬᠤᠷᠣᠭᠳᠠᠯ ᠮᠠᠲ᠋ᠧᠷᠢᠶᠠᠯ᠂ ᠪᠡᠯᠡᠳᠬᠡᠯ ᠮᠠᠲ᠋ᠧᠷᠢᠶᠠᠯ᠂ ᠳᠠᠮᠵᠢᠭᠤᠯᠤᠨ ᠲᠡᠭᠡᠭᠡᠪᠦᠷᠢᠯᠡᠬᠦ ᠮᠣᠲ᠋ᠣᠷ᠂ ᠳᠠᠮᠵᠢᠭᠤᠯᠤᠨ ᠵᠥᠭᠡᠭᠡᠪᠦᠷᠢᠯᠡᠬᠦ ᠵᠠᠮ ᠱᠤᠭᠤᠮ ᠪᠠ ᠬᠥᠮᠦᠰ ᠤᠨ ᠲᠣᠨᠤᠭ ᠲᠥᠬᠦᠭᠡᠷᠦᠮᠵᠢ ᠵᠡᠷᠭᠡ ᠳᠤ ᠬᠢᠨᠠᠮᠠᠭᠠᠶ ᠰᠤᠳᠤᠯᠤᠨ ᠮᠠᠭᠠᠳᠯᠠᠬᠤ ᠪᠠ ᠨᠠᠷᠢᠨ ᠨᠢᠮᠪᠠᠶ ᠪᠡᠯᠡᠳᠬᠡᠯ ᠬᠢᠵᠡᠶ᠃ FOP ᠡᠮᠴᠢᠯᠡᠭᠡᠨ ᠤ ᠴᠡᠭ ᠵᠢᠴᠢ ᠲᠠᠮᠢᠷᠴᠢᠳ ᠤᠨ ᠡᠮᠴᠢᠯᠡᠭᠡᠨ ᠤ ᠥᠷᠲᠡᠭᠡ ᠶᠢᠨ ᠣᠷᠣᠨ ᠪᠠᠶᠢᠷᠢ᠂ ᠬᠥᠮᠦᠰ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠪᠠ ᠲᠣᠬᠢᠷᠠᠭᠤᠯᠬᠤ ᠪᠠᠷ ᠳᠠᠮᠵᠢᠭᠤᠯᠤᠨ᠂ ᠤᠷᠤᠯᠳᠤᠭᠠᠨ ᠤ ᠬᠤᠭᠤᠴᠠᠭᠠᠨ ᠳᠠᠬᠢ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃
     ᠰᠣᠷᠢᠯᠲᠠ ᠳᠠᠭᠤᠰᠤᠭᠰᠠᠨ ᠤ ᠳᠠᠷᠠᠭ᠎ᠠ᠂ ᠡᠮ ᠡᠮᠨᠡᠯᠭᠡ ᠶᠢᠨ ᠠᠪᠤᠷᠠᠨ ᠵᠠᠰᠠᠬᠤ ᠳᠤ ᠣᠷᠣᠯᠴᠠᠭᠰᠠᠨ ᠡᠯ᠎ᠡ ᠨᠢᠭᠡᠴᠡ ᠶᠢᠨ ᠠᠵᠢᠯᠲᠠᠳ ᠲᠣᠰ ᠰᠠᠯᠠᠭ᠎ᠠ ᠮᠥᠴᠢᠷ ᠤᠨ ᠢᠶᠠᠨ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠡᠮᠬᠢᠯᠡᠨ ᠳᠢᠭᠯᠡᠭᠰᠡᠨ ᠪᠥᠭᠡᠳ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠬᠠᠮᠢᠶ᠎ᠠ ᠪᠦᠬᠦᠢ ᠨᠠᠷᠢᠨ ᠵᠦᠢᠯᠡᠰ ᠢ ᠬᠡᠷᠬᠢᠨ ᠰᠢᠯᠢᠳᠡᠭᠵᠢᠭᠦᠯᠬᠦ ᠲᠤᠬᠠᠶ ᠵᠥᠪᠳᠡᠯᠴᠡᠵᠦ᠂ ᠰᠣᠷᠢᠯᠲᠠ ᠪᠠᠷ ᠳᠠᠮᠵᠢᠭᠤᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯᠲᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠲᠦᠢᠯ ᠤᠨ ᠶᠡᠭᠡ ᠪᠠᠷ ᠨᠡᠮᠡᠭᠳᠡᠭᠦᠯᠪᠡ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2