ᠮᠠᠨ ᠤ ᠰᠢᠶᠠᠨ ︽ᠬᠠᠶᠢᠷ᠎ᠠ ᠪᠠᠨ ᠭᠡᠷ ᠲᠡᠭᠡᠨ ᠠᠪᠠᠴᠢᠨ᠎ᠠ︾ ᠭᠡᠬᠦ ᠬᠡᠦᠬᠡᠳ ᠤᠨ ᠴᠠᠭᠠᠨ ᠰᠠᠷ᠎ᠠ ᠶᠢ ᠤᠭᠲᠤᠬᠤ ᠭᠤᠣᠯ ᠰᠡᠳᠦᠪᠲᠦ ᠦᠵᠡᠭᠦᠯᠦᠯᠭᠡ ᠶᠢᠨ ᠬᠥᠳᠡᠯᠭᠡᠭᠡᠨ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2024/2/1
  ᠴᠠᠭᠠᠨ ᠰᠠᠷ᠎ᠠ ᠠᠴᠠ ᠡᠮᠦᠨᠡᠬᠡᠨ᠂ ᠰᠢᠶᠠᠨ ᠤ ᠰᠣᠶᠣᠯ ᠵᠤᠭᠠᠴᠠᠯ ᠤᠨ ᠲᠤᠪᠴᠢᠶ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠠᠮᠲᠤᠪᠠᠷ ︽ᠬᠠᠶᠢᠷ᠎ᠠ ᠪᠠᠨ ᠭᠡᠷ ᠲᠡᠭᠡᠨ ᠠᠪᠠᠴᠢᠨ᠎ᠠ — ᠬᠡᠦᠬᠡᠳ ᠤᠨ ᠰᠡᠳᠬᠢᠯ ᠢ ᠳᠤᠯᠠᠭᠠᠴᠠᠭᠤᠯᠵᠤ ᠦᠰᠦᠨ ᠪᠤᠶᠢᠵᠢᠯᠲᠠ ᠶᠢ ᠬᠠᠮᠠᠭᠠᠯᠠᠶ᠎ᠠ︾ ᠭᠡᠬᠦ ᠭᠤᠣᠯ ᠰᠡᠳᠦᠪᠲᠦ ᠦᠵᠡᠭᠦᠯᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠂ ᠡᠨᠡ ᠨᠢ ᠬᠡᠦᠬᠡᠳ ᠲᠤ ᠠᠮᠤᠷ ᠲᠦᠪᠰᠢᠨ᠂ ᠡᠷᠡᠭᠦᠯ ᠴᠢᠭᠢᠷᠠᠭ᠂ ᠬᠠᠯᠠᠭᠤᠨ ᠳᠤᠯᠠᠭᠠᠨ᠂ ᠥᠯᠵᠡᠢ ᠪᠡᠯᠭᠡ ᠲᠠᠢ ᠰᠢᠨ᠎ᠡ ᠵᠢᠯ ᠤᠨ ᠠᠭᠤᠷ ᠠᠮᠢᠰᠬᠤᠯ ᠢ ᠪᠤᠢ ᠪᠣᠯᠭᠠᠵᠤ ᠥᠭᠬᠦ ᠶᠢᠨ ᠲᠥᠯᠥᠭᠡ ᠶᠤᠮ᠃
     ᠲᠤᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ ᠰᠠᠶᠢᠬᠠᠨ᠂ ᠡᠭᠦᠨ ᠳᠤ ︽ᠪᠠᠶᠠᠷ ᠬᠥᠷ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠦᠶ᠎ᠡ︾᠂  ᠵᠢᠶᠠᠽᠢ ᠬᠡᠩᠭᠡᠷᠭᠡ ︽ᠥᠪᠡᠷ ᠢ ᠪᠠᠨ ᠢᠲᠡᠭᠡᠶ᠎ᠡ︾ ᠵᠢᠴᠢ ᠴᠠᠭᠠᠰᠤᠨ ᠬᠠᠶᠢᠴᠢᠯᠠᠮᠠᠯ ᠤᠨ ᠵᠢᠷᠤᠭ ᠤᠨ ᠪᠦᠲᠦᠭᠡᠯ ᠤᠨ ᠦᠵᠡᠭᠦᠯᠦᠯᠭᠡ ᠵᠡᠷᠭᠡ ᠣᠯᠠᠨ ᠬᠡᠯᠪᠡᠷᠢ ᠶᠢᠨ ᠲᠣᠭᠯᠠᠯᠲᠠ ᠶᠢ ᠪᠠᠭᠲᠠᠭᠠᠭᠰᠠᠨ ᠪᠠᠶᠢᠨ᠎ᠠ᠃ ᠬᠡᠦᠬᠡᠳ ᠤᠳ ᠲᠠᠶᠢᠰᠠᠨ ᠳᠡᠭᠡᠷ᠎ᠡ ᠥᠪᠡᠷᠰᠡᠳ ᠤᠨ ᠠᠪᠢᠶᠠᠰ ᠴᠢᠳᠠᠪᠤᠷᠢ ᠪᠠ ᠳᠠᠯᠳᠠ ᠬᠦᠴᠦᠨ ᠢᠶᠠᠨ ᠭᠦᠢᠴᠡᠳ ᠢᠯᠡᠷᠡᠭᠦᠯᠵᠦ᠂ ᠠᠰᠪᠤᠷ ᠴᠠᠭᠠᠪᠤᠷ ᠢᠨᠢᠶᠡᠮᠰᠦᠭᠯᠡᠯ ᠪᠠ ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃
     ᠶᠠᠩ ᠭᠤᠸᠠᠩ ᠰᠤᠷᠭᠠᠭᠤᠯᠢ ᠶᠢᠨ ᠪᠥᠵᠢᠭ ᠤᠨ ᠪᠠᠭᠰᠢ ᠰᠢᠨ ᠼᠠᠢ ᠰᠢᠶᠠ    ᠥᠨᠥᠳᠦᠷ ᠤᠨ ᠠᠵᠢᠯᠯᠠᠭ᠎ᠠ ᠨᠢ ᠬᠡᠦᠬᠡᠳ ᠤᠳ ᠲᠤ ᠤᠷ᠎ᠠ ᠴᠢᠳᠠᠪᠤᠷᠢ ᠪᠠᠨ ᠭᠠᠶᠢᠬᠠᠭᠤᠯᠬᠤ ᠲᠣᠬᠢᠶᠠᠯ ᠪᠠ ᠲᠠᠪᠴᠠᠩ ᠬᠠᠩᠭᠠᠵᠤ᠂ ᠯᠣᠣ ᠵᠢᠯ ᠤᠨ ᠴᠠᠭᠠᠨ ᠰᠠᠷ᠎ᠠ ᠶᠢ ᠪᠠᠶᠠᠷᠯᠠᠨ ᠪᠡᠯᠭᠡᠯᠡᠬᠦ ᠶᠢᠨ ᠬᠠᠮᠲᠤ ᠪᠠᠰᠠ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠤᠭᠰᠠᠨ ᠪᠠᠶᠢᠨ᠎ᠠ᠃ ᠡᠨᠡᠬᠦ ᠲᠣᠬᠢᠶᠠᠯ ᠢᠶᠠᠷ ᠨᠡᠶᠢᠭᠡᠮ ᠤᠨ ᠡᠯ᠎ᠡ ᠡᠲᠡᠭᠡᠳ ᠤᠨ ᠬᠢᠨ ᠬᠡᠦᠬᠡᠳ ᠢ ᠬᠠᠮᠲᠤ ᠪᠠᠷ ᠬᠠᠯᠠᠮᠵᠢᠯᠠᠨ ᠬᠠᠶᠢᠷᠠᠯᠠᠵᠤ᠂ ᠨᠠᠰᠤᠨ ᠳᠤ ᠥᠯᠥ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠡᠯᠪᠡᠭ ᠪᠠᠶᠠᠯᠢᠭ ᠲᠠᠩᠰᠤᠭ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠵᠤ᠂ ᠡᠬᠡ ᠣᠷᠣᠨ ᠤ ᠪᠠᠨ ᠢᠷᠡᠭᠡᠳᠦᠶ ᠶᠢᠨ ᠴᠡᠴᠡᠭᠡᠰ ᠢ ᠬᠠᠮᠲᠤ ᠪᠠᠷ ᠬᠠᠶᠢᠷᠠᠯᠠᠨ ᠬᠠᠮᠠᠭᠠᠯᠠᠬᠤ ᠶᠢ ᠬᠦᠰᠡᠵᠦ ᠪᠠᠶᠢᠨ᠎ᠠ ᠭᠡᠪᠡ᠃
     ᠲᠣᠭᠯᠠᠯᠲᠠ ᠳᠤ ᠣᠷᠣᠯᠴᠠᠭᠰᠠᠨ ᠪᠢᠴᠢᠬᠠᠨ ᠨᠠᠶᠢᠵᠠ ᠳ᠋ᠦᠩ ᠵᠢᠶᠠ ᠰᠢᠤᠸᠠᠨ    ᠡᠨᠡ ᠤᠳᠠᠭᠠᠨ ᠤ ᠲᠣᠭᠯᠠᠯᠲᠠ ᠪᠠᠷ ᠲᠠᠮᠵᠢᠨ᠂ ᠪᠢ ᠤᠯᠠᠨ ᠳᠤ ᠨᠡᠩ ᠤᠯᠠᠨ ᠪᠠᠶᠠᠷ ᠪᠠᠭ᠋ᠠᠳᠤᠯ ᠪᠠ ᠪᠠᠶᠠᠷ ᠪᠠᠭ᠋ᠠᠳᠤᠯ ᠠᠪᠴᠢᠷᠠᠬᠤ ᠶᠢ ᠬᠦᠰᠡᠵᠦ ᠪᠠᠶᠢᠨ᠎ᠠ᠂ ᠤᠯᠠᠨ ᠢᠶᠠᠷ ᠢᠶᠠᠨ ᠰᠢᠨ᠎ᠡ ᠨᠢᠭᠡᠨ ᠵᠢᠯ ᠳᠤ ᠰᠠᠨᠠᠭᠰᠠᠨ ᠶᠠᠪᠤᠳᠠᠯ ᠲᠦᠮᠡᠨ ᠬᠡᠷᠡᠭ ᠲᠡᠭᠦᠰ ᠪᠦᠲᠦᠬᠦ ᠶᠢ ᠬᠦᠰᠡᠨ ᠵᠥᠩᠨᠡᠶ᠎ᠡ  ᠭᠡᠪᠡ᠃    ᠡᠨᠡ ᠬᠦ ᠠᠵᠢᠯᠯᠠᠭ᠎ᠠ ᠨᠢ ᠬᠡᠦᠬᠡᠳ ᠤᠳ ᠲᠤ ᠪᠠᠶᠠᠷ ᠪᠠᠶᠠᠰᠤᠯ ᠪᠠ ᠬᠠᠯᠠᠭᠤᠨ ᠳᠤᠯᠠᠭᠠᠨ ᠢ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠶ᠂ ᠨᠡᠩ ᠣᠯᠠᠨ ᠬᠥᠮᠦᠰ ᠤᠨ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠪᠠ ᠬᠥᠭᠵᠢᠬᠦ ᠶᠢ ᠠᠩᠬᠠᠷᠴᠤ᠂ ᠲᠡᠳᠡᠨ ᠳᠤ ᠨᠡᠩ ᠰᠠᠶᠢᠨ ᠰᠠᠶᠢᠬᠠᠨ ᠢᠷᠡᠭᠡᠳᠦᠶ ᠶᠢ ᠪᠤᠶ ᠪᠣᠯᠭᠠᠵᠤ ᠥᠭᠬᠦ ᠶᠢ ᠰᠠᠨᠠᠭᠠᠴᠢᠯᠠᠭᠰᠠᠨ ᠪᠠᠶᠢᠨ᠎ᠠ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2