ᠯᠢᠶᠠᠩᠴᠧᠩ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2024/2/1
   ᠯᠢᠶᠠᠩᠴᠧᠩ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠵᠠᠰᠠᠭ ᠤᠨ ᠣᠷᠳᠣᠨ ᠤ ᠪᠡᠶ᠎ᠡ ᠪᠠᠨ ᠳᠠᠭᠠᠭᠠᠭᠰᠠᠨ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠳᠣᠤᠷ᠎ᠠ ᠨᠢ ᠬᠤᠶᠠᠷ ᠵᠢᠩᠬᠢᠨᠢ ᠰᠠᠯᠠᠭ᠎ᠠ ᠶᠢᠨ ᠠᠵᠢᠯ ᠤᠶᠢᠯᠡᠰ ᠤᠨ ᠨᠢᠭᠡᠴᠢ ᠭᠠᠷᠭᠠᠪᠠ᠄ ᠮᠠᠩᠬᠠᠨ ᠠᠭᠤᠯᠠ ᠶᠢᠨ ᠣᠶ ᠰᠢᠭᠤᠶ ᠶᠢᠨ ᠲᠠᠯᠠᠪᠠᠶ᠂ ᠲᠠᠭ᠎ᠠ ᠶᠢᠨ ᠨᠠᠭᠤᠷ ᠣᠶ ᠰᠢᠭᠤᠶ ᠶᠢᠨ ᠲᠠᠯᠠᠪᠠᠶ︔ ᠨᠢᠭᠡ ᠳᠡᠰᠯᠡᠬᠦ ᠰᠠᠯᠠᠭᠠᠨ ᠤ ᠳᠡᠰ ᠤᠨ ᠨᠢᠭᠡᠴᠡ᠄ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠠᠯᠪᠠᠨ ᠭᠡᠷ︔ ᠲᠣᠪᠴᠢᠶᠠᠨ ᠤ ᠳᠣᠲᠣᠭᠠᠳᠤ ᠪᠠᠶᠢᠭᠤᠯᠤᠮᠵᠢ 5 ᠪᠣᠶ᠄ ᠠᠯᠪᠠᠨ ᠭᠡᠷ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠳᠡ ᠶᠢᠨ ᠲᠠᠰᠤᠭ᠂ ᠡᠯᠡᠰᠦᠷᠬᠡᠭᠵᠢᠯ ᠢ ᠵᠠᠰᠠᠵᠤ ᠣᠶᠢᠵᠢᠭᠤᠯᠬᠤ ᠲᠠᠰᠤᠭ᠂ ᠨᠤᠭᠤ ᠭᠠᠵᠠᠷ ᠪᠣᠯᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠠᠰᠤᠭ ᠂ ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠳᠡ ᠶᠢᠨ ᠲᠠᠰᠤᠭ᠃ ᠠᠵᠢᠯ ᠤᠶᠢᠯᠡᠰ ᠤᠨ ᠬᠤᠶᠠᠳᠤᠭᠠᠷ ᠳᠡᠰ ᠤᠨ ᠨᠢᠭᠡᠴᠡ 14 ᠪᠣᠶ᠄ ᠣᠶᠢᠵᠢᠭᠤᠯᠬᠤ ᠥᠷᠲᠡᠭᠡ᠂ ᠦᠷ᠎ᠡ ᠴᠢᠬᠢ ᠮᠣᠳᠣᠨ ᠤ ᠦᠷᠳᠡᠭᠡ᠂ ᠣᠶ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ᠂ ᠮᠣᠳᠣ ᠪᠠᠶᠢᠴᠠᠭᠠᠬᠤ ᠥᠷᠲᠡᠭᠡ᠂ ᠠᠵᠤ ᠠᠬᠤᠶ ᠶᠢᠨ ᠣᠶ ᠰᠢᠭᠤᠶ ᠶᠢᠨ ᠥᠷᠲᠡᠭᠡ᠂ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠤᠯᠲᠠ ᠶᠢᠨ ᠥᠷᠲᠡᠭᠡ᠂ ᠲᠦᠯᠦᠪᠵᠢᠭᠦᠯᠭᠡ ᠶᠢᠨ ᠠᠩᠭᠢ᠂ ᠰᠠᠮᠵᠠ ᠠᠭᠤᠯᠠ ᠶᠢᠨ ᠬᠠᠮᠢᠶᠠᠷᠤᠯᠲᠠ ᠶᠢᠨ ᠭᠠᠵᠠᠷ᠂ ᠭᠠᠯ ᠤᠨᠲᠠᠷᠠᠭᠠᠬᠤ ᠠᠩᠭᠢ᠂ ᠳ᠋ᠦᠩ ᠫᠧᠩ ᠵᠤᠯᠵᠠᠭ᠎ᠠ ᠮᠣᠳᠣᠨ ᠤ ᠬᠦᠷᠢᠶᠡᠯᠡᠩ᠂ ᠴᠧᠩ ᠭᠤᠸᠠᠨ ᠴᠢᠬᠢ ᠮᠣᠳᠣᠨ ᠤ ᠬᠦᠷᠢᠶᠡᠯᠡᠩ᠂ ᠨᠤᠲᠤᠭ ᠪᠡᠯᠴᠢᠭᠡᠷ ᠤᠨ ᠥᠷᠲᠡᠭᠡ᠂ ᠣᠶ ᠮᠣᠳᠣᠨ ᠤ ᠡᠷᠬᠡ ᠶᠢᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠲᠥᠪ᠃ ᠯᠢᠶᠠᠩᠴᠧᠩ ᠰᠢᠶᠠᠨ ᠤ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠶᠡᠷᠦᠩᠬᠡᠶ ᠡᠭᠦᠷ ᠤᠨ ᠳᠣᠣᠷ᠎ᠠ ᠲᠠᠪᠤᠨ ᠨᠠᠮ ᠤᠨ ᠡᠭᠦᠷ ᠭᠠᠷᠭᠠᠵᠤ᠂ ᠲᠤᠬᠠᠶᠢᠯᠠᠪᠠᠯ ᠪᠠᠶᠢᠭᠤᠯᠭ᠎ᠠ ᠶᠢᠨ ᠨᠠᠮ ᠤᠨ ᠡᠭᠦᠷ᠂ ᠠᠬᠠᠮᠠᠳ ᠺᠠᠳ᠋ᠷᠴᠤᠳ ᠤᠨ ᠨᠠᠮ ᠤᠨ ᠡᠭᠦᠷ᠂ ᠤᠢ ᠰᠢᠭᠤᠶ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠡᠭᠦᠷ᠂ ᠮᠠᠩᠬᠠᠨ ᠠᠭᠤᠯᠠ ᠤᠢ ᠰᠢᠭᠤᠶ ᠶᠢᠨ ᠲᠠᠯᠠᠪᠠᠢ ᠶᠢᠨ ᠨᠠᠮ ᠤᠨ ᠡᠭᠦᠷ᠂ ᠳᠠᠭ᠎ᠠ ᠶᠢᠨ ᠨᠠᠭᠤᠷ ᠤᠨ ᠤᠢ ᠰᠢᠭᠤᠶ ᠶᠢᠨ ᠲᠠᠯᠠᠪᠠᠢ ᠶᠢᠨ ᠨᠠᠮ ᠤᠨ ᠡᠭᠦᠷ ᠪᠣᠯᠤᠨ᠎ᠠ᠃ ᠪᠥᠬᠦ ᠰᠢᠰᠲ᠋ᠧᠮ ᠤᠨ ᠣᠲᠣ 104 ᠨᠠᠮ ᠤᠨ ᠭᠡᠰᠢᠭᠦᠨ ᠪᠣᠶ᠂ ᠡᠭᠦᠨ ᠳᠤ ᠠᠵᠢᠯᠯᠠᠵᠤ ᠪᠠᠶᠢᠭ᠎ᠠ ᠨᠠᠮ ᠤᠨ ᠭᠡᠰᠢᠭᠦᠨ 68᠂ ᠠᠵᠢᠯ ᠠᠴᠠ ᠪᠠᠨ ᠪᠠᠭᠤᠵᠤ ᠠᠮᠠᠷᠠᠭᠰᠠᠨ ᠨᠠᠮ ᠤᠨ ᠭᠡᠰᠢᠭᠦᠨ 36 ᠪᠣᠶ᠃  ᠪᠦᠬᠦ ᠰᠢᠶᠠᠨ ᠤ ᠣᠶᠢᠲᠤ ᠭᠠᠵᠠᠷ ᠤᠨ ᠶᠡᠷᠦᠩᠬᠡᠶ ᠲᠠᠯᠠᠪᠠᠢ 83.802 ᠲᠦᠮᠡᠨ ᠮᠦ᠂ ᠣᠶ ᠰᠢᠭᠤᠶ ᠶᠢᠨ ᠲᠠᠯᠠᠪᠠᠶ 51.9352 ᠲᠦᠮᠡᠨ ᠮᠥ᠂ ᠣᠶᠢᠵᠢᠭᠤᠯᠬᠤ ᠳᠤ ᠲᠣᠬᠢᠷᠠᠮᠵᠢᠲᠠᠶ ᠭᠠᠵᠠᠷ 31.55 ᠲᠦᠮᠡᠨ ᠮᠥ᠂ ᠣᠷᠭᠤᠭ᠎ᠠ ᠮᠣᠳᠣᠨ ᠤ ᠶᠡᠷᠦᠩᠬᠡᠶ ᠬᠠᠳᠠᠭᠠᠯᠠᠭᠳᠠᠴᠠ 38.35 ᠲᠦᠮᠡᠨ ᠪᠣᠰᠤᠭ᠎ᠠ ᠳᠥᠷᠪᠡᠯᠵᠢᠨ ᠮᠧᠳ᠋ᠷ᠂ ᠣᠢ ᠰᠢᠭᠤᠶ ᠶᠢᠨ ᠪᠦᠷᠬᠦᠴᠡ ᠶᠢᠨ ᠨᠣᠷᠮ᠎ᠠ ᠨᠢ 35.24% ᠪᠠᠶᠢᠵᠤ᠂ ᠲᠡᠭᠦᠨ ᠤ ᠣᠢ ᠰᠢᠭᠤᠶ ᠶᠢᠨ ᠡᠬᠢ ᠪᠠᠶᠠᠯᠢᠭ ᠨᠢ ᠪᠠᠶᠢᠭᠠᠯᠢ ᠶᠢᠨ ᠣᠢ ᠰᠢᠭᠤᠶ ᠪᠠᠷ ᠭᠤᠤᠯ ᠪᠣᠯᠭᠠᠵᠤ᠂ ᠭᠤᠣᠯ ᠪᠣᠯᠬᠤ ᠮᠣᠳᠣᠨ ᠤ ᠲᠥᠷᠥᠯ ᠳᠤ ᠴᠠᠭᠠᠨ ᠬᠤᠰᠤ᠂ ᠤᠯᠢᠶᠠᠰᠤ᠂ ᠠᠭᠤᠯᠠᠨ ᠬᠦᠢᠯᠡᠰᠦ᠂ ᠪᠠᠷᠢᠭᠤᠯᠲᠤ ᠭᠦᠢᠯᠡᠰᠦ᠂ ᠬᠤᠰᠢᠳ᠂ ᠬᠠᠳᠬᠤᠮᠠᠯ ᠤᠳᠪᠠᠯᠠ᠂ ᠶᠢᠨ ᠯᠦ ᠮᠧᠶ᠂ ᠵᠡᠷᠭᠡ ᠪᠤᠶ᠃ ᠳᠠᠷᠠᠭᠠᠯᠠᠪᠠᠯ ᠬᠥᠮᠦᠨ ᠤ ᠬᠦᠴᠦ ᠪᠠᠷ ᠲᠠᠷᠢᠭᠰᠠᠨ ᠨᠠᠷᠠᠰᠤ᠂ ᠵᠢᠭᠠᠷᠲᠤ ᠨᠠᠷᠠᠰᠤ᠂ ᠤᠮᠠᠷᠠᠲᠤ ᠣᠷᠣᠨ ᠤ ᠨᠠᠪᠴᠢ ᠵᠤᠯᠭᠠᠷᠠᠬᠤ ᠨᠠᠷᠠᠰᠤ ᠵᠡᠷᠭᠡ ᠪᠣᠯᠤᠨ᠎ᠠ᠃ ᠮᠣᠳᠣᠯᠢᠭ ᠤᠷᠭᠤᠮᠠᠯ 25 ᠢᠵᠠᠭᠤᠷ ᠤᠨ 300 ᠭᠠᠷᠤᠶ ᠵᠦᠢᠯ ᠪᠤᠶ᠃ ᠡᠪᠡᠰᠦᠯᠢᠭ ᠤᠷᠭᠤᠮᠠᠯ 500 ᠭᠠᠷᠤᠶ ᠵᠦᠢᠯ᠂ ᠬᠡᠭᠡᠷ᠎ᠡ ᠶᠢᠨ ᠠᠮᠢᠲᠠᠨ 10 ᠭᠠᠷᠤᠶ ᠵᠦᠢᠯ ᠪᠤᠶ᠃ ᠳᠠᠭ᠎ᠠ ᠶᠢᠨ ᠨᠠᠭᠤᠷ ᠤᠨ ᠬᠠᠮᠠᠭᠠᠯᠠᠯᠲᠠ ᠶᠢᠨ ᠢᠨᠵᠧᠨᠧᠷᠢᠩ ᠳᠤ᠂ 5000 ᠮᠦ ᠲᠥᠬᠦᠭᠡᠷᠦᠮᠵᠢᠲᠦ ᠲᠠᠷᠢᠶᠠᠯᠠᠩ ᠢ ᠪᠡᠶᠡᠯᠡᠭᠦᠯᠪᠡ︔ 24000 ᠮᠥ ᠥᠩᠭᠡᠲᠦ ᠲᠡᠮᠦᠷᠯᠢᠭ ᠳᠠᠷᠢᠵᠤ᠂ ᠡᠭᠦᠨ ᠳᠤ ᠰᠢᠯᠢᠮᠳᠡᠭ ᠴᠡᠴᠡᠭ 17300 ᠮᠦ᠂ ᠲᠦᠮᠡᠨ ᠨᠠᠰᠤᠲᠤ ᠤᠳᠪᠠᠯᠠ 2500 ᠮᠦ᠂ ᠬᠤᠨᠴᠢᠷ 2000 ᠮᠦ᠂ ᠠᠯᠲᠠᠨ ᠴᠠᠢ 1000 ᠮᠦ᠂ ᠵᠢᠭᠠᠷ ᠡᠪᠡᠰᠦ 1000 ᠮᠦ᠂ ᠱᠤᠤ ᠶᠣᠣ 200 ᠮᠦ︔ 30000 ᠮᠦ ᠶᠢ ᠣᠶᠢᠵᠢᠭᠤᠯᠤᠨ ᠨᠣᠭᠤᠭᠠᠷᠠᠭᠤᠯᠵᠤ᠂ ᠡᠭᠦᠨ ᠳᠤ ᠭᠤᠤᠯ ᠤᠨ ᠵᠠᠮ᠂ ᠵᠠᠰᠠᠮᠠᠯ ᠵᠠᠮ ᠤᠨ ᠬᠤᠶᠠᠷ ᠬᠠᠵᠠᠭᠤ ᠵᠢᠴᠢ ᠳᠠᠭ᠎ᠠ ᠶᠢᠨ ᠨᠠᠭᠤᠷ ᠤᠨ ᠨᠤᠭᠤᠷᠠᠭᠤᠯᠤᠯᠳᠡ ᠶᠢᠨ ᠪᠦᠰᠡ ᠶᠢ 7000 ᠮᠥ ᠪᠡᠶᠡᠯᠡᠭᠦᠯᠵᠦ᠂ ᠭᠤᠤᠯᠳᠠᠭᠤ ᠭᠠᠴᠤᠷ᠎ᠠ᠂ ᠠᠯᠲᠠᠨ ᠨᠠᠪᠴᠢᠲᠤ ᠬᠠᠶᠢᠯᠠᠰᠤ ᠵᠡᠷᠭᠡ ᠶᠢ ᠳᠠᠷᠢᠨ᠎ᠠ︔ ᠰᠠᠷᠭᠠᠶ 8000 ᠮᠥ︔ ᠧᠤ ᠯᠢ ᠨᠢ 8000 ᠮᠦ ᠡᠪᠡᠰᠦᠨ ᠬᠤᠸᠠᠷ ᠲᠠᠢ ᠲᠣᠬᠢᠷᠠᠭᠤᠯᠤᠨ᠎ᠠ︔ ᠮᠠᠶᠢᠬᠠᠨᠳᠤ ᠣᠢ ᠰᠢᠭᠤᠢ ᠶᠢᠨ ᠴᠡᠴᠡᠷᠯᠢᠭ 5000 ᠮᠦ︔ ᠵᠢᠮᠢᠰ ᠲᠡᠭᠦᠬᠦ ᠬᠦᠷᠢᠶᠡᠯᠡᠩ 4 ᠨᠢ ᠨᠡᠶᠢᠲᠡ 2000 ᠮᠥ ︵ᠡᠭᠦᠨ ᠳᠤ ᠭᠦᠢᠯᠡᠰᠦᠨ ᠬᠦᠷᠢᠶᠡᠯᠡᠩ 300 ᠮᠥ᠂ ᠠᠯᠢᠮ᠎ᠠ ᠶᠢᠨ ᠬᠦᠷᠢᠶᠡᠯᠡᠩ 300 ᠮᠥ᠂ ᠯᠢ ᠶᠤᠸᠠᠨ ᠬᠦᠷᠢᠶᠡᠯᠡᠩ 400 ᠮᠥ᠂ ᠵᠢᠮᠢᠰ ᠤᠨ ᠬᠦᠷᠢᠶᠡᠯᠡᠩ 1000 ᠮᠥ︶ ᠪᠠᠶᠢᠨ᠎ᠠ᠃ ᠪᠠᠶᠢᠭᠠᠯᠢ ᠶᠢᠨ ᠡᠪᠡᠰᠦᠲᠦ ᠭᠠᠵᠠᠷ ᠤᠨ ᠲᠠᠯᠠᠪᠠᠢ ᠨᠢ 209.82 ᠲᠦᠮᠡᠨ ᠮᠦ᠂ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠪᠡᠰᠦᠲᠦ ᠭᠠᠵᠠᠷ ᠤᠨ ᠲᠠᠯᠠᠪᠠᠶ ᠶᠢᠨ 4% ᠶᠢ ᠡᠵᠡᠯᠡᠵᠦ᠂ ᠪᠥᠬᠦ ᠰᠢᠶᠠᠨ ᠤ ᠭᠠᠵᠠᠷ ᠰᠢᠷᠣᠶ ᠶᠢᠨ ᠲᠠᠯᠠᠪᠠᠶ ᠶᠢᠨ 40.5% ᠶᠢ ᠡᠵᠡᠯᠡᠪᠡ︔ ᠡᠪᠡᠰᠦᠲᠦ ᠭᠠᠵᠠᠷ ᠤᠨ ᠠᠰᠢᠭᠯᠠᠵᠤ ᠪᠣᠯᠬᠤ ᠲᠠᠯᠠᠪᠠᠶ ᠨᠢ 200.61 ᠲᠦᠮᠡᠨ ᠮᠥ ᠪᠣᠯᠤᠨ᠎ᠠ︔ ᠪᠦᠬᠦ ᠰᠢᠶᠠᠨ ᠤ ᠪᠠᠶᠢᠭᠠᠯᠢ ᠶᠢᠨ ᠡᠪᠡᠰᠦᠲᠦ ᠭᠠᠵᠠᠷ ᠨᠢ 3 ᠡᠪᠡᠰᠦᠲᠦ ᠭᠠᠵᠠᠷ ᠪᠣᠯᠤᠨ᠎ᠠ᠂ 5 ᠡᠪᠡᠰᠦᠲᠦ ᠭᠠᠵᠠᠷ ᠤᠨ ᠳᠡᠳ᠋ ᠲᠥᠷᠥᠯ᠂ 17 ᠡᠪᠡᠰᠦᠲᠦ ᠭᠠᠵᠠᠷ ᠤᠨ ᠬᠡᠯᠪᠡᠷᠢ ᠪᠠᠷ ᠪᠦᠷᠢᠯᠳᠦᠵᠡᠶ᠃ ᠳᠠᠷᠤᠶ ᠳᠤᠯᠠᠭᠠᠨ ᠴᠢᠨᠠᠷᠲᠠᠶ ᠨᠡᠶᠢᠲᠡᠯᠢᠭ ᠨᠤᠲᠤᠭ ᠪᠡᠯᠴᠢᠭᠡᠷ ᠤᠨ ᠲᠥᠷᠥᠯ᠂ ᠳᠤᠯᠠᠭᠠᠨ ᠴᠢᠨᠠᠷᠲᠠᠶ ᠨᠤᠭᠤ ᠨᠤᠲᠤᠭ ᠪᠡᠯᠴᠢᠭᠡᠷ ᠤᠨ ᠲᠥᠷᠥᠯ᠂ ᠳᠣᠤᠷ᠎ᠠ ᠭᠠᠵᠠᠷ ᠤᠨ ᠨᠤᠭᠤ ᠭᠠᠵᠠᠷ ᠤᠨ ᠲᠥᠷᠥᠯ᠃ ᠡᠭᠦᠨ ᠳᠤ᠂ ᠳᠤᠯᠠᠭᠠᠨ ᠴᠢᠨᠠᠷᠲᠠᠶ ᠨᠡᠶᠢᠲᠡᠯᠢᠭ ᠨᠤᠲᠤᠭ ᠪᠡᠯᠴᠢᠭᠡᠷ ᠤᠨ ᠲᠥᠷᠥᠯ ᠤᠨ ᠲᠠᠯᠠᠪᠠᠶ ᠨᠢ ᠬᠠᠮᠤᠭ ᠤᠨ ᠶᠡᠭᠡ ᠪᠠᠶᠢᠳᠠᠭ᠃ 169.19 ᠲᠦᠮᠡᠨ ᠮᠥ ᠪᠠᠶᠢᠵᠤ᠂ ᠪᠥᠬᠦ ᠰᠢᠶᠠᠨ ᠤ ᠡᠪᠡᠰᠦᠲᠦ ᠭᠠᠵᠠᠷ ᠤᠨ ᠲᠠᠯᠠᠪᠠᠶ ᠶᠢᠨ 80.64% ᠶᠢ ᠡᠵᠡᠯᠡᠪᠡ︔ ᠳᠠᠷᠠᠭᠠᠯᠠᠪᠠᠯ ᠳᠤᠯᠠᠭᠠᠨ ᠴᠢᠨᠠᠷᠲᠠᠶ ᠨᠤᠭᠤ ᠭᠠᠵᠠᠷ ᠤᠨ ᠨᠤᠲᠤᠭ ᠪᠡᠯᠴᠢᠭᠡᠷ ᠤᠨ ᠲᠥᠷᠥᠯ ᠤᠨ ᠲᠠᠯᠠᠪᠠᠶ ᠨᠢ 28.35 ᠲᠦᠮᠡᠨ ᠮᠥ ᠪᠠᠶᠢᠵᠤ᠂ ᠪᠥᠬᠦ ᠰᠢᠶᠠᠨ ᠤ ᠡᠪᠡᠰᠦᠲᠦ ᠭᠠᠵᠠᠷ ᠤᠨ ᠲᠠᠯᠠᠪᠠᠶ ᠶᠢᠨ 13.51% ᠶᠢ ᠡᠵᠡᠯᠡᠪᠡ᠃ ᠨᠠᠮ ᠳᠣᠤᠷ᠎ᠠ ᠭᠠᠵᠠᠷ ᠤᠨ ᠡᠪᠡᠰᠦᠲᠦ ᠭᠠᠵᠠᠷ ᠤᠨ ᠲᠥᠷᠥᠯ ᠤᠨ ᠲᠠᠯᠠᠪᠠᠶ ᠨᠢ ᠬᠠᠮᠤᠭ ᠤᠨ ᠪᠠᠭ᠎ᠠ᠂ 12.28 ᠲᠦᠮᠡᠨ ᠮᠥ ᠪᠠᠶᠢᠵᠤ᠂ ᠪᠥᠬᠦ ᠰᠢᠶᠠᠨ ᠤ ᠡᠪᠡᠰᠦᠲᠦ ᠭᠠᠵᠠᠷ ᠤᠨ ᠲᠠᠯᠠᠪᠠᠶ ᠶᠢᠨ 5.85% ᠶᠢ ᠡᠵᠡᠯᠡᠨ᠎ᠡ᠃ ᠯᠢᠶᠠᠩᠴᠧᠩ ᠰᠢᠶᠠᠨ ᠤ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠡᠯᠪᠡᠭ ᠪᠠᠶᠠᠯᠢᠭ ᠪᠠᠶᠢᠵᠤ᠂ ᠭᠤᠣᠯᠳᠠᠭᠤ ᠲᠡᠮᠦᠷ ᠰᠢᠷᠠᠯᠵᠢ᠂ ᠬᠤᠵᠢᠷ ᠡᠪᠡᠰᠦ᠂ ᠬᠤᠯᠢᠮᠠᠭ ᠡᠪᠡᠰᠦ᠂ ᠵᠢᠵᠢᠭ ᠨᠠᠪᠴᠢᠲᠤ ᠬᠠᠷᠭᠠᠨ᠎ᠠ᠂ ᠠᠽᠢᠶ᠎ᠠ ᠲᠢᠪ ᠤᠨ ᠪᠠᠶ ᠯᠢ ᠰᠢᠶᠠᠩ᠂ ᠲᠣᠮᠣ ᠬᠢᠯᠭᠠᠰᠤᠲᠤ ᠡᠪᠡᠰᠦ᠂ ᠬᠤᠨᠢᠨ ᠡᠪᠡᠰᠦ᠂ ᠭᠠᠯᠠᠭᠤᠨ ᠤ ᠨᠣᠣᠯᠣᠭᠤᠷ ᠤᠨ ᠴᠢᠨᠳᠠᠮᠤᠨᠢ᠂ ᠬᠤᠵᠢᠷ ᠡᠪᠡᠰᠦ᠂ ᠳᠠᠪᠤᠰᠤᠯᠢᠭ ᠬᠤᠯᠢᠮᠠᠭ ᠡᠪᠡᠰᠦ ᠵᠡᠷᠭᠡ ᠪᠤᠶ᠂ ᠭᠠᠵᠠᠷ ᠰᠢᠷᠣᠶ ᠶᠢᠨ ᠲᠠᠯᠠᠪᠠᠶ ᠶᠢᠨ 40.5% ᠶᠢ ᠡᠵᠡᠯᠡᠪᠡ︔ ᠡᠪᠡᠰᠦᠲᠦ ᠭᠠᠵᠠᠷ ᠤᠨ ᠠᠰᠢᠭᠯᠠᠵᠤ ᠪᠣᠯᠬᠤ ᠲᠠᠯᠠᠪᠠᠶ ᠨᠢ 200.61 ᠲᠦᠮᠡᠨ ᠮᠥ ᠪᠣᠯᠤᠨ᠎ᠠ︔ ᠪᠦᠬᠦ ᠰᠢᠶᠠᠨ ᠤ ᠪᠠᠶᠢᠭᠠᠯᠢ ᠶᠢᠨ ᠡᠪᠡᠰᠦᠲᠦ ᠭᠠᠵᠠᠷ ᠨᠢ 3 ᠡᠪᠡᠰᠦᠲᠦ ᠭᠠᠵᠠᠷ ᠪᠣᠯᠤᠨ᠎ᠠ᠂ 5 ᠡᠪᠡᠰᠦᠲᠦ ᠭᠠᠵᠠᠷ ᠤᠨ ᠳᠡᠳ᠋ ᠲᠥᠷᠥᠯ᠂ 17 ᠡᠪᠡᠰᠦᠲᠦ ᠭᠠᠵᠠᠷ ᠤᠨ ᠬᠡᠯᠪᠡᠷᠢ ᠪᠠᠷ ᠪᠦᠷᠢᠯᠳᠦᠵᠡᠶ᠃ ᠳᠠᠷᠤᠶ ᠳᠤᠯᠠᠭᠠᠨ ᠴᠢᠨᠠᠷᠲᠠᠶ ᠨᠡᠶᠢᠲᠡᠯᠢᠭ ᠨᠤᠲᠤᠭ ᠪᠡᠯᠴᠢᠭᠡᠷ ᠤᠨ ᠲᠥᠷᠥᠯ ᠂ ᠳᠤᠯᠠᠭᠠᠨ ᠴᠢᠨᠠᠷᠲᠠᠶ ᠨᠤᠭᠤ ᠨᠤᠲᠤᠭ ᠪᠡᠯᠴᠢᠭᠡᠷ ᠤᠨ ᠲᠥᠷᠥᠯ᠂ ᠳᠣᠤᠷ᠎ᠠ ᠭᠠᠵᠠᠷ ᠤᠨ ᠨᠤᠭᠤ ᠭᠠᠵᠠᠷ ᠤᠨ ᠲᠥᠷᠥᠯ ᠃ ᠡᠭᠦᠨ ᠳᠤ᠂ ᠳᠤᠯᠠᠭᠠᠨ ᠴᠢᠨᠠᠷᠲᠠᠶ ᠨᠡᠶᠢᠲᠡᠯᠢᠭ ᠨᠤᠲᠤᠭ ᠪᠡᠯᠴᠢᠭᠡᠷ ᠤᠨ ᠲᠥᠷᠥᠯ ᠤᠨ ᠲᠠᠯᠠᠪᠠᠶ ᠨᠢ ᠬᠠᠮᠤᠭ ᠤᠨ ᠶᠡᠭᠡ ᠪᠠᠶᠢᠳᠠᠭ᠃ 169.19 ᠲᠦᠮᠡᠨ ᠮᠥ ᠪᠠᠶᠢᠵᠤ᠂ ᠪᠥᠬᠦ ᠰᠢᠶᠠᠨ ᠤ ᠡᠪᠡᠰᠦᠲᠦ ᠭᠠᠵᠠᠷ ᠤᠨ ᠲᠠᠯᠠᠪᠠᠶ ᠶᠢᠨ 80.64% ᠶᠢ ᠡᠵᠡᠯᠡᠪᠡ︔ ᠳᠠᠷᠠᠭᠠᠯᠠᠪᠠᠯ ᠳᠤᠯᠠᠭᠠᠨ ᠴᠢᠨᠠᠷᠲᠠᠶ ᠨᠤᠭᠤ ᠭᠠᠵᠠᠷ ᠤᠨ ᠨᠤᠲᠤᠭ ᠪᠡᠯᠴᠢᠭᠡᠷ ᠤᠨ ᠲᠥᠷᠥᠯ ᠤᠨ ᠲᠠᠯᠠᠪᠠᠶ ᠨᠢ 28.35 ᠲᠦᠮᠡᠨ ᠮᠥ ᠪᠠᠶᠢᠵᠤ᠂ ᠪᠥᠬᠦ ᠰᠢᠶᠠᠨ ᠤ ᠡᠪᠡᠰᠦᠲᠦ ᠭᠠᠵᠠᠷ ᠤᠨ ᠲᠠᠯᠠᠪᠠᠶ ᠶᠢᠨ 13.51% ᠶᠢ ᠡᠵᠡᠯᠡᠪᠡ᠃ ᠨᠠᠮ ᠳᠣᠤᠷ᠎ᠠ ᠭᠠᠵᠠᠷ ᠤᠨ ᠡᠪᠡᠰᠦᠲᠦ ᠭᠠᠵᠠᠷ ᠤᠨ ᠲᠥᠷᠥᠯ ᠤᠨ ᠲᠠᠯᠠᠪᠠᠶ ᠨᠢ ᠬᠠᠮᠤᠭ ᠤᠨ ᠪᠠᠭ᠎ᠠ᠂ 12.28 ᠲᠦᠮᠡᠨ ᠮᠥ ᠪᠠᠶᠢᠵᠤ᠂ ᠪᠥᠬᠦ ᠰᠢᠶᠠᠨ ᠤ ᠡᠪᠡᠰᠦᠲᠦ ᠭᠠᠵᠠᠷ ᠤᠨ ᠲᠠᠯᠠᠪᠠᠶ ᠶᠢᠨ 5.85% ᠶᠢ ᠡᠵᠡᠯᠡᠨ᠎ᠡ᠃    ᠯᠢᠶᠠᠩᠴᠧᠩ ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠤᠯᠠᠭᠠᠨᠴᠠᠪ ᠬᠤᠲᠠ᠂ ᠯᠢᠶᠠᠩᠴᠧᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠰᠠᠭᠤᠷᠢᠨ ᠳᠡᠭᠡᠷ᠎ᠡ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠬᠡᠷᠡᠭᠵᠢᠭᠦᠯᠵᠦ᠂ ᠠᠭᠤᠯᠠᠷᠬᠠᠭ ᠣᠷᠣᠨ ᠤ ᠠᠮᠢ ᠠᠬᠤᠶ ᠶᠢᠨ ᠨᠣᠭᠤᠭᠠᠷᠠᠭᠤᠯᠤᠯᠲᠠ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠭᠤᠤᠯᠳᠠᠯᠭ᠎ᠠ ᠲᠠᠢ ᠥᠷᠨᠢᠭᠦᠯᠵᠦ᠂ 14.6 ᠲᠦᠮᠡᠨ ᠮᠦ ᠲᠠᠯᠠᠪᠠᠶ ᠶᠢ ᠵᠠᠰᠠᠵᠠᠶ᠃ ᠶᠡᠷᠦᠩᠬᠡᠶ ᠪᠠᠯᠠ ᠣᠷᠣᠭᠤᠯᠤᠯᠲᠠ 25953.12 ᠲᠦᠮᠡᠨ ᠲᠥᠭᠦᠷᠢᠭ ᠲᠤ ᠬᠦᠷᠴᠦ᠂ 18148.5434 ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠪᠠ︔ ︽ᠠᠷᠪᠠ ᠶᠢ ᠪᠦᠷᠬᠦᠭᠦᠯᠬᠦ︾ ᠵᠢᠱᠢᠶ᠎ᠡ ᠦᠵᠡᠭᠦᠯᠬᠦ ᠲᠣᠰᠬᠤᠨ ᠤ ᠨᠣᠭᠤᠭᠠᠷᠠᠭᠤᠯᠤᠯᠲᠠ ᠵᠢᠴᠢ ᠵᠠᠮ ᠤᠨ ᠨᠣᠭᠤᠭᠠᠷᠠᠭᠤᠯᠤᠯᠲᠠ ᠶᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ 817.0836 ᠲᠦᠮᠡᠨ ᠲᠥᠭᠦᠷᠢᠭ᠂ 633.5818 ᠲᠦᠮᠡᠨ ᠲᠥᠭᠦᠷᠢᠭ ᠤᠨ ᠪᠠᠯᠠ ᠮᠦᠩᠬᠦ ᠪᠠᠭᠤᠯᠭᠠᠪᠠ᠃ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠠᠮᠵᠠ ᠠᠭᠤᠯᠠ᠂ ᠲᠦᠸᠧ ᠪᠠ ᠺᠦᠶ ᠴᠡᠴᠡᠷᠯᠢᠭ᠂ ᠲᠠᠭ᠎ᠠ ᠶᠢᠨ ᠨᠠᠭᠤᠷ ᠪᠠᠯᠭᠠᠰᠤᠨ ᠤ ᠶᠤᠸᠠᠨ ᠽᠢ ᠱᠠᠨ ᠠᠭᠤᠯᠠᠨ ᠤ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠢ ᠪᠠᠶᠢᠭᠤᠯᠵᠤ᠂ ᠨᠡᠶᠢᠳᠡ 13000 ᠮᠦ ᠮᠣᠳᠣ ᠲᠠᠷᠢᠪᠠ᠃ ᠡᠯ᠎ᠡ ᠲᠥᠷᠥᠯ ᠤᠨ ᠮᠣᠳᠣ 100 ᠲᠦᠮᠡᠨ ᠰᠠᠭᠤᠷᠢ ᠲᠠᠷᠢᠪᠠ᠃ ᠠᠵᠤ ᠠᠬᠤᠢ ᠶᠢᠨ ᠤᠢ ᠶᠢ ᠶᠡᠬᠡᠪᠡᠷ ᠬᠥᠭᠵᠢᠭᠦᠯᠵᠦ᠂ ᠨᠡᠶᠢᠲᠡ 5.0 ᠲᠦᠮᠡᠨ ᠮᠦ ᠠᠵᠤ ᠠᠬᠤᠢ ᠶᠢᠨ ᠤᠢ ᠶᠢ ᠰᠢᠨ᠎ᠡ ᠪᠠᠷ ᠨᠡᠮᠡᠭᠳᠡᠭᠦᠯᠦᠨ᠎ᠡ᠃ ᠯᠢᠶᠠᠩᠴᠧᠩ ᠰᠢᠶᠠᠨ ᠤ ᠬᠠᠶ ᠰᠧᠨ ᠮᠢᠩᠭᠠᠨ ᠮᠦ ᠠᠵᠤ ᠠᠬᠤᠶ ᠶᠢᠨ ᠤᠢ ᠶᠢᠨ ᠬᠦᠷᠢᠶᠡᠯᠡᠩ᠂ ᠯᠢᠶᠠᠩᠴᠧᠩ ᠰᠢᠶᠠᠨ ᠤ ᠵᠢᠦ ᠬᠥ᠋ ᠴᠢᠤᠸᠠᠨ ᠤ ᠠᠵᠤ ᠠᠬᠤᠶ ᠶᠢᠨ ᠤᠢ ᠶᠢᠨ ᠠᠵᠤ ᠤᠶᠢᠯᠡᠰ ᠂ ᠯᠢᠶᠠᠩᠴᠧᠩ ᠰᠢᠶᠠᠨ ᠤ ᠯᠢᠨ ᠬᠦᠶ ᠲᠠᠷᠢᠵᠤ ᠦᠷᠡᠵᠢᠭᠦᠯᠬᠦ ᠲᠤᠰᠬᠠᠶ ᠬᠤᠷᠰᠢᠶ᠎ᠠ ᠵᠡᠷᠭᠡ ᠠᠵᠤ ᠠᠬᠤᠶ ᠶᠢᠨ ᠤᠢ ᠰᠢᠭᠤᠶ ᠶᠢᠨ ᠰᠠᠭᠤᠷᠢᠨ ᠭᠠᠵᠠᠷ ᠢ ᠨ᠊ ᠶᠡᠭᠡ ᠬᠡᠪᠴᠢᠶ᠎ᠡ ᠪᠠᠷ ᠪᠠᠶᠢᠭᠤᠯᠤᠭᠰᠠᠨ ᠪᠠᠶᠢᠨ᠎ᠠ᠃  ᠣᠶᠢᠷ᠎ᠠ ᠶᠢᠨ ᠵᠢᠯ ᠤᠳ ᠲᠤ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠰᠢᠶᠠᠨ ᠤ ᠨᠠᠮ ᠤᠨ ᠬᠤᠷᠢᠶ᠎ᠠ ᠂ ᠰᠢᠶᠠᠨ ᠤ ᠵᠠᠰᠠᠭ ᠤᠨ ᠣᠷᠳᠣᠨ ᠵᠢᠴᠢ ᠪᠥᠬᠦ ᠺᠠᠳ᠋ᠷ ᠠᠵᠢᠯᠲᠠᠨ ᠠᠵᠢᠯᠴᠢᠨ ᠤ ᠬᠠᠮᠲᠤ ᠶᠢᠨ ᠴᠢᠷᠮᠠᠶᠢᠯᠭ᠎ᠠ ᠳᠣᠤᠷ᠎ᠠ ︽ᠪᠥᠬᠦ ᠤᠯᠤᠰ ᠤᠨ ᠣᠶᠢᠵᠢᠭᠤᠯᠵᠤ ᠨᠣᠭᠤᠭᠠᠷᠠᠭᠤᠯᠤᠭᠰᠠᠨ ᠵᠠᠭᠤᠨ ᠰᠢᠯᠢᠳᠡᠭ ᠰᠢᠶᠠᠨ︾᠂ ︽ᠪᠥᠬᠦ ᠤᠯᠤᠰ ᠤᠨ ᠣᠶᠢᠵᠢᠭᠤᠯᠵᠤ ᠨᠣᠭᠤᠭᠠᠷᠠᠭᠤᠯᠤᠭᠰᠠᠨ ᠲᠡᠷᠢᠭᠦᠨ ᠤ ᠬᠠᠮᠲᠤ ᠨᠡᠶᠢᠲᠡ︾᠂ ︽ᠥᠪᠥᠷ ᠮᠣᠩᠭᠤᠯ ᠤᠨ ᠣᠷᠣᠰᠢᠨ ᠰᠠᠭᠤᠬᠤ ᠳᠤ ᠲᠣᠬᠢᠯᠢᠭ 7 ᠬᠤᠲᠠ ᠪᠠᠯᠭᠠᠰᠤ ᠶᠢᠨ ᠨᠢᠭᠡ︾᠂ ︽ᠪᠥᠬᠦ ᠣᠷᠣᠨ ᠤ ᠨᠣᠭᠤᠭᠠᠷᠠᠭᠤᠯᠤᠭᠰᠠᠨ ᠲᠡᠷᠢᠭᠦᠨ ᠤ ᠰᠢᠶᠠᠨ︾᠂ ︽ᠪᠥᠬᠦ ᠣᠷᠣᠨ ᠤ ᠴᠡᠴᠡᠷᠯᠢᠭ ᠰᠢᠶᠠᠨ ᠤ ᠬᠤᠲᠠ︾ ᠵᠡᠷᠭᠡ ᠢᠷᠠᠭᠤ ᠠᠯᠳᠠᠷ ᠤᠨ ᠴᠣᠯᠠ ᠶᠢ ᠤᠷᠢᠳ ᠬᠤᠵᠢᠳ ᠭᠥᠷᠳᠡᠪᠡ᠃ 2016 ᠣᠨ ᠤ 3 ᠰᠠᠷ᠎ᠠ ᠳᠤ ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠥᠪᠯᠡᠯ ᠠᠴᠠ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠰᠢᠶᠠᠨ︾ ᠤ ᠢᠷᠠᠭᠤ ᠠᠯᠳᠠᠷ ᠤᠨ ᠴᠣᠯᠠ ᠣᠯᠭᠤᠪᠠ᠃ 2018 ᠣᠨ ᠤ 11 ᠰᠠᠷ᠎ᠠ ᠳᠤ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ︽ᠭᠤᠷᠪᠠᠨ ᠤᠮᠠᠷᠠᠳᠤ ᠶᠢᠨ ᠬᠠᠯᠬᠠᠪᠴᠢ ᠣᠶ ᠶᠢᠨ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠡᠷᠢᠭᠦᠨ ᠤ ᠬᠠᠮᠲᠤ ︵1978 — 2018 ᠤᠨ︶︾ ᠢᠷᠠᠭᠤ ᠠᠯᠳᠠᠷ ᠤᠨ ᠴᠣᠯᠠ ᠭᠥᠷᠳᠡᠪᠡ᠃                                         ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2