ᠯᠢᠶᠠᠩᠴᠧᠩ ᠰᠢᠶᠠᠨ ᠤ 2024 ᠣᠨ ᠤ ︽ᠲᠠᠭ᠎ᠠ ᠶᠢᠨ ᠨᠠᠭᠤᠷ ᠤᠨ ᠬᠠᠪᠤᠷ︾  ᠣᠯᠠᠨ ᠲᠦᠮᠡᠨ ᠤ ᠰᠣᠶᠣᠯ ᠤᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/2/18
   2 ᠰᠠᠷ᠎ᠠ ᠶᠢᠨ 17 ᠤ ᠡᠳᠦᠷ᠂  ᠯᠢᠶᠠᠩᠴᠧᠩ ᠰᠢᠶᠠᠨ ᠤ 2024 ᠣᠨ ᠤ ︽ ᠲᠠᠭ᠎ᠠ ᠶᠢᠨ ᠨᠠᠭᠤᠷ ᠤᠨ ᠬᠠᠪᠤᠷ︾ ᠴᠠᠭᠠᠨ ᠰᠠᠷ᠎ᠠ ᠶᠢᠨ ᠪᠠᠶᠠᠷ᠂ ᠥᠯᠵᠡᠶᠢᠲᠦ ᠡᠳᠦᠷ ᠤᠨ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠳᠠᠶᠢᠬ᠎ᠠ ᠲᠠᠯᠠᠪᠠᠢ ᠳᠤ ᠡᠬᠢᠯᠡᠪᠡ᠃ ᠯᠢᠶᠠᠩᠴᠧᠩ ᠰᠢᠶᠠᠨ ᠤ ᠤᠯᠠᠭᠠᠨᠮᠥ᠋ᠴᠢᠷ ᠤᠨ ᠬᠢᠨ ᠲᠤᠰ ᠡᠳᠦᠷ ᠲᠤ ᠲᠤᠰᠬᠠᠢ ᠲᠣᠭᠯᠠᠯᠲᠠ ᠭᠠᠷᠭᠠᠵᠠᠢ᠃ ︽ᠠᠷᠪᠠᠨ ᠳᠥᠷᠪᠡᠳᠦᠭᠡᠷ  ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾  ᠤ ᠤᠯᠠᠭᠠᠨᠴᠠᠪ ᠤᠨ ᠯᠢᠶᠠᠩᠴᠧᠩ ᠤᠨ ᠤᠷᠤᠯᠳᠤᠭᠠᠨ ᠤ ᠲᠣᠭᠤᠷᠢᠭ ᠤᠨ ᠰᠣᠨᠢᠨ ᠮᠡᠳᠡᠭᠡᠨ ᠤ ᠮᠡᠳᠡᠭᠡᠯᠡᠯ ᠳᠤ ᠣᠷᠣᠯᠴᠠᠭᠰᠠᠨ ᠬᠡᠰᠡᠭ ᠵᠠᠭᠤᠴᠢᠯᠠᠭᠤᠷ ᠤᠨ ᠰᠤᠷᠪᠤᠯᠵᠢᠯᠠᠭᠴᠢ ᠲᠤᠬᠠᠢ ᠶᠢᠨ ᠲᠠᠯᠠᠪᠠᠢ ᠳᠤ ᠬᠦᠷᠴᠦ ᠯᠢᠶᠠᠩᠴᠧᠩ ᠰᠢᠶᠠᠨ ᠤ ᠪᠠᠶᠠᠯᠢᠭ ᠰᠠᠶᠢᠬᠠᠨ ᠤᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠪᠡᠶᠡᠴᠢᠯᠡᠨ ᠣᠶᠢᠯᠠᠭᠠᠪᠠ᠃
     ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂ ᠲᠣᠭᠯᠠᠭᠴᠢᠳ ᠳᠠᠭᠤᠯᠠᠨ ᠪᠥᠵᠢᠭᠯᠡᠵᠦ᠂ ᠪᠠᠶᠠᠯᠢᠭ ᠲᠤᠷᠰᠢᠯᠭ᠎ᠠ ᠲᠠᠢ ᠢᠳᠡᠷ ᠨᠠᠰᠤᠨ ᠤ ᠤᠳᠬ᠎ᠠ ᠤᠷᠠᠯᠢᠭ ᠤᠨ ᠠᠵᠢᠯᠳᠠᠨ ᠴᠤ ᠲᠡᠷᠡ᠂ ᠰᠦᠷ ᠵᠢᠪᠬᠤᠭ᠎ᠠ ᠲᠠᠢ ᠵᠠᠯᠠᠭᠤ ᠳᠠᠭᠤᠴᠢᠨ ᠴᠤ ᠲᠡᠷᠡ᠂ ᠴᠥᠮ ᠭᠤᠶᠢᠳᠠ ᠰᠠᠶᠢᠬᠠᠨ ᠪᠥᠵᠢᠭ ᠤᠨ ᠲᠦᠷᠢ᠂ ᠭᠤᠶᠢᠳᠠ ᠰᠠᠶᠢᠬᠠᠨ ᠤᠷ᠎ᠠ ᠮᠡᠷᠭᠡᠵᠢᠯ ᠢᠶᠠᠷ ᠢᠶᠠᠨ ᠪᠦᠬᠦ ᠰᠢᠶᠠᠨ ᠤ ᠠᠷᠠᠳ ᠲᠦᠮᠡᠨ ᠳᠤ ᠬᠠᠮᠤᠭ ᠤᠨ ᠴᠢᠩ ᠰᠡᠳᠬᠢᠯ ᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ ᠪᠠᠶᠢᠬᠤ ᠪᠠᠨ ᠢᠯᠡᠳᠬᠡᠵᠡᠢ᠃ ᠨᠢᠭᠡ ᠵᠢᠯ ᠶᠠᠭᠠᠷᠠᠯᠲᠠᠶ ᠪᠠᠷ ᠨᠤᠲᠤᠭ ᠲᠠᠭᠠᠨ ᠬᠠᠷᠢᠭᠰᠠᠨ ᠴᠤ ᠲᠡᠷᠡ᠂ ᠦᠷ᠎ᠡ ᠬᠤᠶᠢᠴᠢᠰ ᠲᠠᠢ ᠪᠠᠨ ᠭᠡᠷ ᠬᠤᠲᠠᠯᠠᠭᠠᠷ ᠢᠶᠠᠷ ᠢᠶᠠᠨ ᠴᠤᠭᠯᠠᠷᠠᠭᠰᠠᠨ ᠴᠤ ᠲᠡᠷᠡ᠂ ᠵᠢᠴᠢ ᠮᠠᠰᠢ ᠤᠯᠠᠨ ᠬᠤᠳᠠ ᠶᠢᠨ ᠠᠷᠠᠳ ᠵᠤᠭᠠᠴᠠᠭᠰᠠᠳ ᠲᠤ ᠴᠤ ᠲᠡᠷᠡ᠂ ᠴᠥᠮ ᠪᠠᠶᠠᠷ ᠬᠦᠷ ᠲᠠᠢ ᠪᠠᠷ ᠢᠨᠢᠶᠡᠮᠰᠦᠭᠯᠡᠵᠦ᠂ ᠲᠠᠰᠤᠷᠠᠯᠳᠠ ᠦᠭᠡᠢ ᠠᠯᠠᠭ᠎ᠠ ᠲᠠᠰᠢᠨ ᠠᠯᠠᠭ᠎ᠠ ᠲᠠᠰᠢᠨ ᠮᠠᠭᠲᠠᠨ ᠰᠠᠶᠢᠰᠢᠶᠠᠵᠤ᠂ ᠰᠡᠳᠬᠢᠯ ᠵᠢᠷᠦᠬᠡᠨ ᠤ ᠵᠣᠯ ᠵᠢᠷᠭᠠᠯᠲᠤ ᠬᠠᠶᠢᠷ᠎ᠠ ᠰᠡᠳᠬᠢᠯᠭᠡ ᠪᠠᠨ ᠠᠭᠤᠵᠢᠷᠠᠲᠠᠯ᠎ᠠ ᠢᠯᠡᠳᠬᠡᠵᠦ ᠪᠠᠶᠢᠯ᠎ᠠ᠃
 
 ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ  ᠬᠤᠷᠢᠶ᠎ᠠ ᠶᠢᠨ ᠰᠤᠷᠪᠤᠯᠵᠢᠯᠠᠭᠴᠢ ᠯᠢᠦ ᠯᠸᠢ      ᠪᠢ ᠡᠨᠡ ᠤᠳᠠᠭ᠎ᠠ ᠯᠢᠶᠠᠩᠴᠧᠩ ᠳᠤ ᠢᠷᠡᠭᠰᠡᠨ ᠨᠢ ᠭᠤᠣᠯᠳᠠᠭᠤ ︽ᠠᠷᠪᠠᠨ ᠳᠥᠷᠪᠡᠳᠦᠭᠡᠷ  ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠢ ᠮᠡᠳᠡᠭᠡᠯᠡᠬᠦ ᠶᠢᠨ ᠲᠥᠯᠥᠭᠡ ᠶᠤᠮ᠂ ᠮᠡᠳᠡᠭᠡᠯᠡᠯ ᠤᠨ ᠵᠠᠪᠰᠠᠷ ᠢᠶᠠᠷ ᠰᠢᠶᠠᠨ ᠳᠤ ᠢᠷᠡᠵᠦ ᠪᠢᠳᠡᠨ ᠤ ᠴᠠᠭᠠᠨ ᠰᠠᠷ᠎ᠠ ᠶᠢᠨ ᠪᠠᠶᠢᠳᠠᠯ ᠢ ᠣᠶᠢᠯᠠᠭᠠᠬᠤ ᠪᠠᠷ ᠢᠷᠡᠭᠰᠡᠨ ᠶᠤᠮ᠃ ᠠᠳᠡ ᠢᠷᠡᠭᠡᠳ ᠪᠢ ᠣᠨᠴᠠ ᠤᠯᠠᠨ ᠠᠷᠠᠳ ᠤᠨ ᠵᠠᠩ ᠦᠢᠯᠡ ᠶᠢᠨ ᠰᠣᠶᠣᠯ ᠢ ᠣᠯᠵᠤ ᠬᠠᠷᠠᠯ᠎ᠠ ᠂ ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ ᠲᠣᠭᠯᠠᠭᠴᠢ ᠶᠢᠨ ᠲᠣᠭᠯᠠᠯᠲᠠ᠂ ᠪᠠᠰᠠ ᠠᠷᠠᠳ ᠤᠨ ᠵᠣᠬᠢᠶᠠᠨ ᠪᠠᠶᠢᠭᠤᠯᠤᠯᠲᠠ ᠶᠢᠨ ᠶᠠᠩᠭᠠᠷ ᠪᠥᠵᠢᠭᠯᠡᠬᠦ᠂ ᠪᠢᠰᠬᠢᠭᠦᠷ ᠦᠯᠢᠶᠡᠬᠦ ᠵᠡᠷᠭᠡ ᠠᠵᠢᠯᠯᠠᠭ᠎ᠠ ᠶᠢ ᠣᠯᠵᠤ ᠬᠠᠷᠠᠯ᠎ᠠ᠂ ᠣᠨᠴᠠ ᠤᠯᠠᠨ᠂ ᠣᠨᠴᠠ ᠪᠠᠶᠠᠯᠢᠭ᠂ ᠯᠢᠶᠠᠩᠴᠧᠩ ᠰᠢᠶᠠᠨ ᠳᠤ ᠠᠮᠢᠳᠤᠷᠠᠵᠤ ᠪᠠᠶᠢᠭ᠎ᠠ ᠠᠷᠠᠳ ᠲᠦᠮᠡᠨ ᠲᠦᠢᠯ ᠤᠨ ᠵᠣᠯ ᠵᠢᠷᠭᠠᠯ ᠲᠠᠢ ᠰᠠᠨᠠᠭᠳᠠᠵᠤ ᠪᠠᠶᠢᠨ᠎ᠠ ᠭᠡᠵᠦ ᠬᠡᠯᠡᠪᠡ᠃
      ᠠᠭᠤᠯᠠ  ᠤᠰᠤᠨ ᠯᠢᠶᠠᠩᠴᠧᠩ ᠰᠢᠶᠠᠨ ᠵᠢᠯ ᠤᠨ ᠳᠥᠷᠪᠡᠨ ᠤᠯᠠᠷᠢᠯ ᠳᠤ ᠥᠩᠭᠡ ᠦᠵᠡᠮᠵᠢ ᠰᠠᠶᠢᠬᠠᠨ ᠪᠠᠶᠢᠵᠤ᠂ ᠬᠠᠪᠤᠷ ᠤᠨ ᠤᠯᠠᠷᠢᠯ ᠳᠤ ᠠᠭᠤᠯᠠ ᠶᠢᠨ ᠴᠡᠴᠡᠭ ᠮᠢᠷᠠᠯᠵᠠᠨ ᠮᠢᠷᠠᠯᠵᠠᠵᠤ᠂ ᠵᠤᠨ ᠤ ᠤᠯᠠᠷᠢᠯ ᠳᠤ ᠬᠥᠬᠡᠮᠳᠦᠭ  ᠲᠠᠭ᠎ᠠ ᠶᠢᠨ ᠨᠠᠭᠤᠷ ᠨᠣᠮᠢᠨ ᠨᠤᠭᠤᠭᠠᠨ ᠳᠣᠯᠭᠢᠶᠠᠨ ᠳᠣᠯᠭᠢᠶᠠᠯᠠᠨ᠂ ᠨᠠᠮᠤᠷ ᠤᠨ ᠤᠯᠠᠷᠢᠯ ᠳᠤ ᠥᠨᠳᠥᠷ ᠥᠨᠳᠥᠷ ᠲᠤ ᠠᠪᠠᠷᠢᠨ ᠤᠯᠠᠭᠠᠨ ᠤᠯᠠᠪᠤᠷ ᠰᠢᠷ᠎ᠠ ᠨᠣᠭᠤᠭᠠᠨ ᠥᠩᠭᠡ ᠲᠠᠢ ᠪᠠᠶᠢᠵᠤ᠂ ᠡᠪᠦᠯ ᠤᠨ ᠤᠯᠠᠷᠢᠯ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠠᠲᠠᠬᠤ ᠬᠦᠴᠦᠨ ᠬᠢᠵᠠᠭᠠᠯᠠᠰᠢ ᠦᠭᠡᠶ ᠪᠠᠶᠢᠳᠠᠭ᠃ ᠡᠨᠡ ᠵᠢᠯ ᠯᠢᠶᠠᠩᠴᠧᠩ  ᠰᠢᠶᠠᠨ ᠳᠤ ᠨᠡᠩ ᠴᠤ ᠣᠯᠠᠨ ᠤ ᠠᠩᠬᠠᠷᠤᠯ ᠢ ᠲᠠᠲᠠᠭᠰᠠᠨ ᠦᠪᠡᠳᠡᠭᠰᠢ ᠴᠤᠭᠯᠠᠭᠠᠨ ᠪᠣᠯᠵᠤ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠷᠪᠠᠨ ᠵᠦᠢᠯ ᠤᠨ ᠤᠷᠤᠯᠳᠤᠭᠠᠨ ᠯᠢᠶᠠᠩᠴᠧᠩ  ᠰᠢᠶᠠᠨ ᠤ ᠴᠠᠰᠤᠨ ᠳᠤ ᠭᠤᠯᠭᠤᠬᠤ ᠲᠠᠯᠠᠪᠠᠶ ᠳᠤ ᠶᠠᠪᠤᠭᠳᠠᠬᠤ ᠪᠣᠯᠤᠨ᠎ᠠ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠲᠠᠮᠢᠷᠴᠢᠳ᠂ ᠳᠠᠰᠬᠠᠯᠵᠢᠭᠤᠯᠤᠭᠴᠢᠳ᠂ ᠬᠢᠨᠠᠭᠴᠢᠳ ᠯᠢᠶᠠᠩᠴᠧᠩ  ᠰᠢᠶᠠᠨ ᠳᠤ ᠴᠤᠭᠯᠠᠷᠠᠵᠤ᠂ ᠡᠨᠡ ᠤᠳᠠᠭ᠎ᠠ ᠶᠢᠨ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠬᠠᠮᠲᠤᠪᠠᠷ ᠡᠳ᠋ᠯᠡᠨ᠎ᠡ᠃ ᠪᠢᠳᠡ ᠳᠠᠭᠤᠯᠠᠨ ᠪᠥᠵᠢᠭᠯᠡᠵᠦ ︽ᠠᠷᠪᠠᠨ ᠳᠥᠷᠪᠡᠳᠦᠭᠡᠷ  ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤᠨ ᠪᠥᠬᠦ ᠣᠷᠣᠯᠴᠠᠭᠰᠠᠳ ᠲᠤ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ ᠲᠠᠮᠢᠷᠴᠢᠳ ︽ᠠᠷᠪᠠᠨ ᠳᠥᠷᠪᠡᠳᠦᠭᠡᠷ  ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾  ᠤ ᠲᠠᠶᠢᠰᠠᠨ ᠳᠡᠭᠡᠷ᠎ᠡ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠡᠷᠡᠯ ᠰᠠᠴᠤᠷᠠᠩᠭᠤᠶ ᠠᠮᠵᠢᠯᠲᠠ ᠶᠢ ᠵᠣᠷᠢᠭᠲᠠᠶ ᠪᠠᠷ ᠡᠭᠦᠳᠬᠦ ᠶᠢ ᠬᠦᠰᠡᠵᠦ ᠪᠠᠶᠢᠨ᠎ᠠ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2