ᠵᠠᠩ ᠶᠤᠸᠠᠢ ᠰᠢᠶᠠᠨ᠄  ᠦᠪᠡᠷ ᠤᠨ ᠦᠪᠡᠷᠮᠢᠴᠡ ᠠᠷᠭ᠎ᠠ ᠬᠡᠯᠪᠡᠷᠢ ᠪᠤᠯᠬᠤ ᠪᠠᠭ᠋ᠠᠷᠤᠮ᠎ᠠ ᠰᠠᠶᠢᠬᠠᠨ ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ  ᠪᠠᠷ ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠬᠠᠭᠤᠯᠵᠦ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/2/18
   ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠢ ᠪᠠᠰᠠ ᠨᠢᠭᠡᠨ ᠵᠦᠢᠯ ᠤᠨ ᠴᠠᠭᠠᠰᠤ ᠰᠡᠶᠢᠯᠬᠦ ᠤᠷᠠᠯᠢᠭ ᠭᠡᠳᠡᠭ ᠪᠣᠯ ᠳᠤᠮᠳᠠᠳᠤ ᠤᠯᠤᠰ ᠤᠨ ᠬᠢᠲᠠᠳ ᠦᠨᠳᠦᠰᠦᠲᠡᠨ ᠤ ᠬᠠᠮᠤᠭ ᠤᠨ ᠡᠷᠲᠡᠨ ᠤ ᠠᠷᠠᠳ ᠤᠨ ᠤᠷᠠᠯᠢᠭ ᠤᠨ ᠨᠢᠭᠡ ᠮᠥᠨ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠣᠶᠢᠷᠠᠳᠬᠤ ᠶᠢ ᠳᠠᠭᠠᠯᠳᠤᠨ᠂ ᠮᠥᠰᠥ ᠴᠠᠰᠤ᠂ ᠴᠠᠰᠤᠨ ᠳᠤ ᠭᠤᠯᠭᠤᠬᠤ ᠪᠠᠷ ᠭᠤᠤᠯ ᠰᠡᠳᠦᠪ ᠪᠣᠯᠭᠠᠭᠰᠠᠨ ᠴᠠᠭᠠᠰᠤᠨ ᠬᠠᠶᠢᠴᠢᠯᠠᠮᠠᠯ ᠵᠡᠷᠭᠡ ᠡᠯ᠎ᠡ ᠵᠦᠢᠯ ᠤᠨ ᠪᠦᠲᠦᠭᠡᠯ ᠨᠢ ᠴᠦ ᠣᠶᠢᠷ᠎ᠠ ᠶᠢᠨ ᠬᠤᠭᠤᠴᠠᠭᠠᠨ ᠤ ᠯᠢᠶᠠᠩᠴᠧᠩ ᠤᠷᠤᠯᠳᠤᠭᠠᠨ ᠤ ᠲᠣᠭᠤᠷᠢᠭ ᠤᠨ ᠠᠷᠠᠳ ᠤᠨ ᠤᠷᠠᠯᠢᠭᠴᠢᠳ ᠤᠨ ᠬᠠᠮᠤᠭ ᠤᠨ ᠭᠤᠤᠯ ᠪᠣᠯᠬᠤ ᠵᠣᠬᠢᠶᠠᠨ ᠪᠦᠲᠦᠭᠡᠬᠦ ᠰᠡᠳᠦᠪ ᠪᠣᠯᠤᠭᠰᠠᠨ ᠪᠠᠶᠢᠨ᠎ᠠ᠃  
   1987 ᠣᠨ ᠳᠤ ᠲᠥᠷᠥᠭᠰᠡᠨ ᠵᠠᠩ ᠶᠤᠸᠠᠢ ᠰᠢᠶᠠᠨ ᠪᠣᠯ ᠯᠢᠶᠠᠩᠴᠧᠩ ᠰᠢᠶᠠᠨ ᠤ ᠪᠣᠳᠠᠰ ᠤᠨ ᠪᠤᠰᠤ ᠰᠣᠶᠣᠯ ᠤᠨ ᠥᠪ  ᠴᠠᠭᠠᠰᠤᠨ ᠬᠠᠶᠢᠴᠢᠯᠠᠮᠠᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠣᠯᠤᠨ᠎ᠠ᠃ ᠲᠡᠷᠡ ᠬᠠᠷᠠᠬᠠᠨ ᠪᠠᠭ᠎ᠠ ᠠᠴᠠ ᠪᠠᠨ ᠤᠯᠤᠰ ᠤᠨ ᠨᠢᠭᠡᠳᠦᠭᠡᠷ ᠳᠡᠰ ᠤᠨ ᠤᠷᠠᠨ ᠪᠢᠴᠢᠯᠭᠡᠲᠡᠨ ᠵᠦ ᠵᠢᠶᠠ ᠴᠢ ᠪᠠᠭᠰᠢ ᠶᠢ ᠳᠠᠭᠠᠵᠤ ᠤᠷᠠᠨ ᠵᠢᠷᠤᠭ᠂ ᠴᠠᠭᠠᠰᠤᠨ ᠬᠠᠶᠢᠴᠢᠯᠠᠮᠠᠯ ᠢ ᠰᠤᠷᠤᠯᠴᠠᠵᠤ᠂ ᠰᠡᠭᠦᠯᠡᠷ ᠨᠢ ᠪᠠᠰᠠ ᠣᠳᠣ ᠦᠶ᠎ᠡ ᠶᠢᠨ ᠴᠣᠷ ᠤᠨ ᠭᠠᠭᠴᠠ ᠭᠤᠶᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠡᠭᠦᠳᠦᠨ ᠪᠠᠶᠢᠭᠤᠯᠤᠭᠴᠢ ᠲᠤᠤ ᠵᠧᠩ ᠪᠠᠭᠰᠢ ᠪᠣᠯᠵᠤ᠂ ᠠᠷᠠᠳ ᠤᠨ ᠳᠤᠮᠳᠠᠬᠢ ᠴᠠᠭᠠᠰᠤᠨ ᠬᠠᠶᠢᠴᠢᠯᠠᠮᠠᠯ ᠤᠨ ᠤᠯᠠᠮᠵᠢᠯᠠᠯ ᠪᠣᠯᠵᠤ᠂ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠣᠯᠠᠨ ᠤᠳᠠᠭ᠎ᠠ ᠬᠤᠲᠠ ᠶᠢᠨ ᠳᠡᠰ᠂ ᠰᠢᠶᠠᠨ ᠤ ᠳᠡᠰ ᠤᠨ ᠱᠠᠩᠨᠠᠯ ᠢ ᠬᠦᠷᠲᠡᠵᠡᠢ᠃
      ᠵᠠᠩ ᠶᠤᠸᠠᠢ ᠰᠢᠶᠠᠨ ᠤ ᠠᠵᠢᠯᠯᠠᠬᠤ ᠲᠠᠰᠤᠭ ᠲᠤ᠂ ᠪᠤᠳᠤᠭᠯᠠᠬᠤ ᠴᠠᠭᠠᠰᠤᠨ ᠬᠠᠶᠢᠴᠢᠯᠠᠮᠠᠯ ᠢᠶᠠᠷ ᠵᠣᠬᠢᠶᠠᠨ ᠪᠦᠲᠦᠭᠡᠭᠰᠡᠨ 12 ᠵᠢᠯ ᠤᠨ ᠵᠢᠵᠢᠭ ᠪᠦᠯᠬᠦᠮ ᠤᠨ ᠳᠡᠪᠢᠭᠦᠷ᠂ ᠶᠠᠩᠵᠤ ᠪᠦᠷᠢ ᠶᠢᠨ ᠢᠬᠢᠷ ᠰᠢᠬᠢᠷ ᠴᠣᠩᠬᠤ ᠵᠢᠴᠢ ᠡᠭᠦᠰᠦᠮᠡᠯ ᠦᠢᠯᠡᠳᠬᠦᠨ ᠳᠤ ᠳᠡᠷ᠎ᠡ ᠲᠡᠪᠡᠷᠢᠬᠦ ᠵᠡᠷᠭᠡ ᠪᠣᠯᠤᠨ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠨᠢ ᠬᠥᠮᠦᠰ ᠤᠨ ᠠᠩᠬᠠᠷᠤᠯ ᠢ ᠲᠠᠲᠠᠭᠰᠠᠨ ᠦᠭᠡᠢ ᠪᠠᠶᠢᠪᠠ᠃ ᠬᠦᠮᠦᠰ ᠤᠨ ᠨᠢᠳᠦᠨ ᠡᠮᠦᠨᠡᠬᠢ ᠭᠢᠯᠠᠰ ᠴᠡᠭ ᠨᠢ ᠪᠠᠷᠤᠭ ᠳᠣᠯᠣᠭᠠᠨ‌ᠮᠧᠲᠷ‌ᠤᠷᠲᠤ ᠪᠠᠶᠢᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠥᠯᠵᠡᠶ ᠪᠡᠯᠭᠡ ᠲᠠᠢ ᠪᠣᠳᠠᠰ ︽ ᠠᠨᠳᠠ︾ ᠪᠠ ︽ᠰᠠᠶᠢᠨᠦ︾ ᠵᠢᠴᠢ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ 16 ᠵᠦᠢᠯ ᠤᠨ ᠬᠥᠳᠡᠯᠭᠡᠭᠡᠨ ᠤ ᠳᠦᠷᠰᠦ ᠪᠦᠲᠦᠭᠡᠯ ᠲᠠᠢ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠪᠠᠭᠲᠠᠭᠠᠵᠤ᠂ ᠲᠣᠰ ᠪᠦᠲᠦᠭᠡᠯ ᠤᠨ ᠱᠤᠭᠤᠮᠠᠯ ᠨᠢ ᠤᠷᠲᠤᠷᠢᠭ᠂ ᠳᠦᠷᠰᠦ ᠪᠦᠲᠦᠭᠡᠯ ᠨᠢ ᠡᠯᠳᠡᠪ ᠶᠠᠩᠵᠤ ᠶᠢᠨ᠂ ᠠᠭᠤᠯᠭ᠎ᠠ ᠨᠢ ᠪᠠᠶᠠᠯᠢᠭ ᠪᠠᠶᠢᠵᠤ᠂ ᠨᠠᠷᠢᠯᠢᠭ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠪᠣᠳᠠᠰ ᠤᠨ ᠪᠤᠰᠤ ᠰᠣᠶᠣᠯ ᠤᠨ ᠥᠪ ᠤᠨ ᠢᠷᠠᠭᠤ ᠨᠠᠶᠢᠷᠠᠭ ᠤᠨ ᠭᠤᠸ᠎ᠠ ᠰᠠᠶᠢᠬᠠᠨ ᠢ ᠢᠯᠡᠷᠡᠭᠦᠯᠦᠭᠰᠡᠨ ᠪᠥᠭᠡᠳ ᠪᠠᠰᠠ ᠴᠠᠭᠠᠰᠤᠨ ᠬᠠᠶᠢᠴᠢᠯᠠᠮᠠᠯ ᠤᠨ ᠬᠥᠮᠦᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠬᠤᠷᠠᠯᠳᠤᠭᠤᠯᠤᠭᠰᠠᠨ ᠬᠦᠰᠡᠯ ᠵᠥᠩᠨᠡᠯ ᠢᠶᠠᠨ ᠢᠯᠡᠳᠬᠡᠭᠰᠡᠨ ᠪᠠᠶᠢᠨ᠎ᠠ᠃
   ᠤᠷᠠᠨ ᠭᠠᠷ ᠢᠶᠠᠷ ᠨᠤᠭᠤᠯᠵᠤ ᠦᠵᠡᠰᠭᠦᠯᠡᠩᠲᠦ  ᠰᠠᠶᠢᠬᠠᠨ ᠬᠥᠮᠦᠨ ᠤ ᠣᠷᠴᠢᠯᠠᠩ ᠤᠨ ᠵᠠᠢ ᠢᠮᠠᠬᠤ ᠬᠤᠭᠤᠷᠣᠨᠳᠣ ᠬᠢᠵᠠᠭᠠᠷ ᠦᠭᠡᠢ ᠱᠢᠨ᠎ᠡ ᠡᠭᠦᠳᠦᠯᠲᠡ ᠶᠢ ᠢᠯᠡᠷᠡᠭᠦᠯᠦᠨ᠎ᠡ᠃ ᠵᠠᠩ ᠶᠤᠸᠠᠢ ᠰᠢᠶᠠᠨ ᠳᠤᠮᠳᠠᠳᠤ ᠤᠯᠤᠰ ᠤᠨ ᠤᠯᠠᠮᠵᠢᠯᠠᠯᠲᠤ ᠰᠤᠶᠤᠯ ᠪᠤᠯᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠶᠠᠯᠳᠤᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠪᠠ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠢ ᠤᠶᠠᠯᠳᠤᠭᠤᠯᠤᠭᠰᠠᠨ ᠷᠢᠳᠢ ᠰᠢᠳᠢ ᠶᠢ ᠨᠠᠩ ᠣᠯᠠᠨ ᠬᠥᠮᠦᠰ ᠲᠤ ᠮᠡᠳᠡᠷᠡᠭᠦᠯᠪᠡ᠃ ᠲᠡᠷᠡ ᠦᠪᠡᠷ ᠤᠨ ᠦᠪᠡᠷᠮᠢᠴᠡ ᠠᠷᠭ᠎ᠠ ᠬᠡᠯᠪᠡᠷᠢ ᠪᠠᠷ ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠬᠠᠭᠤᠯᠵᠦ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠪᠡ᠃
     ᠯᠢᠶᠠᠩᠴᠧᠩ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ︵ᠴᠠᠭᠠᠰᠤᠨ ᠬᠠᠶᠢᠴᠢᠯᠠᠮᠠᠯ︶    ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠵᠠᠩ ᠶᠤᠸᠠᠢ ᠰᠢᠶᠠᠨ    ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ ᠮᠠᠨ ᠤ ᠨᠤᠲᠤᠭ ᠤᠨ ᠯᠢᠶᠠᠩᠴᠧᠩ ᠰᠢᠶᠠᠨ ᠳᠤ ᠶᠠᠪᠤᠭᠳᠠᠪᠠ᠂ ᠨᠢᠭᠡᠨ ᠤᠳᠤᠮᠰᠢᠯ ᠤᠨ ᠪᠤᠰᠤ ᠵᠠᠯᠭᠠᠮᠵᠢᠯᠠᠭᠴᠢ ᠪᠣᠯᠤᠭᠰᠠᠨ ᠤ ᠬᠤᠪᠢ ᠳᠤ᠂ ᠪᠢ ᠴᠠᠭᠠᠰᠤᠨ ᠬᠠᠶᠢᠴᠢᠯᠠᠮᠠᠯ ᠤᠨ ᠢᠯᠡᠷᠡᠬᠦ ᠬᠡᠯᠪᠡᠷᠢ ᠪᠠᠷ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠷᠥᠯ ᠵᠦᠢᠯ ᠲᠠᠢ ᠤᠶᠠᠯᠳᠤᠭᠤᠯᠵᠤ᠂ ᠡᠨᠡ ᠬᠦ 7  ᠮᠧᠲᠷ ᠰᠢᠬᠠᠮ ᠤᠷᠲᠤ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠵᠣᠬᠢᠶᠠᠨ ᠪᠦᠲᠦᠭᠡᠪᠡ᠂ ᠮᠢᠨᠦ ᠪᠦᠲᠦᠭᠡᠯ ᠨᠢ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠬᠤ ᠶᠢ ᠬᠦᠰᠡᠵᠦ ᠪᠠᠶᠢᠨ᠎ᠠ᠂ ᠪᠠᠰᠠ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠭᠦᠰ ᠠᠮᠵᠢᠯᠲᠠ ᠣᠯᠬᠤ ᠶᠢ ᠬᠦᠰᠡᠵᠦ ᠪᠠᠶᠢᠨ᠎ᠠ  ᠭᠡᠪᠡ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2