ᠯᠢᠶᠠᠩᠴᠧᠩ ᠰᠢᠶᠠᠨ ᠤ 2024 ᠣᠨ ᠤ ︽ᠳᠠᠭ᠎ᠠ ᠶᠢᠨ ᠨᠠᠭᠤᠷ ᠤᠨ ᠬᠠᠪᠤᠷ︾ ᠴᠠᠭᠠᠨ ᠰᠠᠷ᠎ᠠ᠂ ᠥᠯᠵᠡᠶᠢᠲᠦ ᠡᠳᠦᠷ ᠤᠨ ᠶᠠᠩᠭᠠᠷ ᠪᠥᠵᠢᠭ ᠤᠨ ᠲᠣᠭᠤᠷᠢᠨ ᠲᠣᠭᠯᠠᠯᠲᠠ ᠵᠢᠩᠬᠢᠨᠢ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2024/2/21
  ᠬᠠᠷᠠᠩᠭ᠎ᠠ ᠬᠡᠩᠭᠡᠷᠭᠡ ᠬᠠᠩᠭᠢᠨᠠᠲᠠᠯ᠎ᠠ ᠳᠠᠭᠤᠯᠠᠵᠤ᠂ ᠶᠠᠩᠭᠠᠷ ᠪᠦᠵᠢᠭ ᠴᠠᠭᠠᠨ ᠰᠠᠷ᠎ᠠ ᠶᠢ ᠪᠡᠯᠭᠡᠯᠡᠶ᠎ᠡ᠃ ᠯᠢᠶᠠᠩᠴᠧᠩ ᠤᠨ ᠬᠥᠮᠦᠰ ᠲᠤ ᠠᠪᠴᠤ ᠬᠡᠯᠡᠪᠡᠯ᠂ ᠡᠨᠡ ᠵᠢᠯ ᠤᠨ ᠴᠠᠭᠠᠨ ᠰᠠᠷ᠎ᠠ ᠨᠢ ᠥᠩᠭᠡᠷᠡᠭᠰᠡᠨ ᠵᠢᠯ ᠤᠳ ᠲᠠᠢ ᠠᠳᠠᠯᠢ ᠦᠭᠡᠢ ᠶᠤᠮ᠃ ᠴᠠᠭᠠᠨ ᠰᠠᠷ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠤᠴᠠᠷᠠᠵᠤ᠂ ᠣᠷᠭᠢᠯᠤᠮ᠎ᠠ ᠬᠠᠯᠠᠭᠤᠨ ᠵᠠᠯᠠᠭᠤ ᠪᠡᠶ᠎ᠡ ᠶᠢᠨ ᠲᠠᠮᠢᠷ ᠤᠨ ᠡᠯᠧᠮᠧᠨ᠋ᠲ ᠨᠢ ᠬᠠᠯᠠᠭᠤᠨ ᠳᠤᠯᠠᠭᠠᠨ ᠡᠶ᠎ᠡ ᠨᠠᠶᠢᠷᠠᠮᠳᠠᠭᠤ ᠴᠠᠭᠠᠨ ᠰᠠᠷ᠎ᠠ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠭᠦᠨ ᠵᠤᠵᠠᠭᠠᠨ ︽ᠵᠢᠯ ᠤᠨ ᠦᠨᠦᠷ ᠠᠮᠲᠠ︾ ᠨᠢ ᠡᠨᠡ ᠤᠳᠠᠭᠠᠨ ᠤ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠨᠠᠩ ᠣᠯᠠᠨ ᠠᠭᠤᠯᠤᠭᠳᠠᠬᠤᠨ ᠣᠯᠭᠤᠭᠰᠠᠨ ᠪᠠᠶᠢᠨ᠎ᠠ᠃ 2 ᠰᠠᠷ᠎ᠠ ᠶᠢᠨ 19 ᠤ ᠡᠳᠦᠷ ᠠᠴᠠ ᠡᠬᠢᠯᠡᠨ ᠂ ᠯᠢᠶᠠᠩᠴᠧᠩ ᠰᠢᠶᠠᠨ ᠰᠢᠨ᠎ᠡ ᠰᠣᠷᠭᠤᠭ᠂ ᠰᠣᠨᠢᠷᠬᠠᠯᠲᠠᠶ ᠶᠠᠩᠭᠠᠷ ᠪᠥᠵᠢᠭ ᠢᠶᠠᠷ ᠴᠠᠭᠠᠨ ᠰᠠᠷ᠎ᠠ ᠶᠢᠨ ᠪᠠᠶᠠᠷ ᠢ ᠪᠡᠯᠭᠡᠯᠡᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠬᠠᠮᠲᠤ ᠪᠠᠷ ᠪᠡᠯᠭᠡᠯᠡᠬᠦ ᠬᠡᠰᠡᠭ ᠤᠷᠤᠯᠳᠤᠭᠠᠨ ᠯᠢᠶᠠᠩᠴᠧᠩ ᠳᠤ ᠶᠠᠪᠤᠭᠳᠠᠪᠠ᠃
       ᠲᠣᠭᠤᠷᠢᠨ ᠲᠣᠭᠯᠠᠬᠤ ᠲᠤᠬᠠᠢ ᠶᠢᠨ ᠲᠠᠯᠠᠪᠠᠢ ᠳᠤ᠂ ᠡᠯ᠎ᠡ ᠶᠠᠩᠭᠠᠷ ᠪᠥᠵᠢᠭ ᠤᠨ ᠠᠩᠭᠢ ᠶᠢᠨ ᠭᠡᠰᠢᠭᠦᠳ ᠥᠩᠭᠡᠲᠦ ᠬᠤᠪᠴᠠᠰᠤ ᠡᠮᠦᠰᠴᠦ᠂ ᠪᠠᠶᠠᠷ ᠪᠠᠶᠠᠰᠬᠤᠯᠠᠩᠲᠤ ᠬᠡᠩᠭᠡᠷᠭᠡ ᠶᠢᠨ ᠴᠡᠭ ᠢᠶᠠᠨ ᠭᠢᠰᠬᠢᠵᠦ᠂ ᠬᠥᠩᠭᠡᠨ ᠱᠠᠯᠠᠮᠠᠭᠠᠢ ᠪᠠᠷ ᠮᠣᠷᠦ᠋ᠢᠨ᠂ ᠱᠠᠯᠠᠮᠠᠭᠠᠶᠢᠯᠠᠨ ᠱᠠᠯᠠᠮᠠᠭᠠᠶᠢᠯᠠᠨ ᠱᠠᠯᠠᠮᠠᠭᠠᠶᠢᠯᠠᠨ ᠱᠠᠯᠠᠮᠠᠭᠠᠶᠢᠯᠠᠨ ᠱᠠᠯᠠᠮᠠᠭᠠᠶᠢᠯᠠᠨ ᠤᠷᠤᠭᠰᠢᠯᠠᠬᠤ ᠴᠤᠭ ᠵᠢᠪᠬᠤᠭ᠎ᠠ ᠶᠢ ᠢᠯᠡᠷᠡᠭᠦᠯᠵᠦ᠂ ᠥᠳᠬᠡᠨ ᠵᠤᠵᠠᠭᠠᠨ ᠬᠠᠪᠤᠷ ᠤᠨ ᠠᠭᠤᠷ ᠠᠮᠢᠰᠬᠤᠯ᠂ ᠪᠦᠯᠬᠦᠮᠳᠡᠨ ᠲᠡᠮᠡᠴᠡᠬᠦ ᠬᠥᠭᠵᠢᠯ ᠪᠠᠳᠠᠷᠠᠯ ᠤᠨ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠮᠠᠨ ᠤ ᠰᠢᠶᠠᠨ ᠤ ᠺᠠᠳ᠋ᠷ ᠤᠯᠠᠨ ᠲᠦᠮᠡᠨ ᠤ ᠥᠷᠨᠢᠭᠦᠯᠦᠭᠰᠡᠨ ︽ᠲᠠᠪᠤᠨ ᠵᠢᠱᠢᠶ᠎ᠡ ᠦᠵᠡᠭᠦᠯᠬᠦ ᠰᠢᠶᠠᠨ︾ ᠤ ᠪᠦᠳᠦᠭᠡᠨ ᠪᠠᠶᠢᠭᠤᠯᠤᠯᠲᠠ ᠶᠢᠨ ᠣᠮᠤᠭ ᠵᠣᠷᠢᠭ ᠢ ᠬᠥᠭᠵᠢᠮᠳᠡᠪᠡ᠃ ᠨᠠᠷᠭᠢᠶᠠᠨ ᠨᠠᠮᠢᠷᠠᠭ᠎ᠠ ᠬᠠᠷᠠᠩᠭ᠎ᠠ ᠬᠡᠩᠭᠡᠷᠭᠡ ᠶᠢᠨ ᠳᠠᠭᠤᠨ ᠯᠢᠶᠠᠩᠴᠧᠩ ᠰᠢᠶᠠᠨ ᠤ ᠦᠨᠴᠦᠭ ᠪᠣᠯᠣᠩ ᠤᠨ ᠪᠤᠯᠤᠩ ᠳᠤ ᠥᠳᠬᠡᠨ ᠵᠤᠵᠠᠭᠠᠨ ᠠᠭᠤᠷ ᠠᠮᠢᠰᠬᠤᠯ ᠢᠶᠠᠷ ᠪᠢᠯᠬᠠᠵᠤ᠂ ᠬᠦᠭᠵᠢᠶᠡᠨᠳᠦ ᠠᠯᠬᠤᠭ᠎ᠠ ᠨᠢ ᠣᠨ ᠤ ᠪᠠᠶᠠᠷ ᠤᠨ ᠡᠳᠦᠷ ᠢ ᠳᠠᠬᠢᠨ ᠨᠢᠭᠡ ᠤᠳᠠᠭ᠎ᠠ ᠠᠭᠤᠵᠢᠷᠠᠲᠠᠯ᠎ᠠ ᠪᠠᠶᠠᠷᠯᠠᠪᠠ᠃ ᠶᠠᠩᠭᠠᠷ ᠤᠨ ᠠᠩᠭᠢ ᠶᠢᠨ ᠭᠡᠰᠢᠭᠦᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠡᠭᠦᠯᠳᠡᠷ᠂ ᠬᠠᠪᠤᠷ ᠤᠨ ᠤᠷᠢᠬᠠᠨ ᠰᠠᠯᠬᠢᠨ ᠳᠤ ᠨᠢᠭᠤᠷ ᠳᠦᠭᠦᠷᠡᠩ ᠪᠠᠶᠠᠷ ᠬᠥᠷ ᠲᠠᠢ᠂ ᠢᠷᠠᠭᠤ ᠰᠠᠶᠢᠬᠠᠨ ᠪᠥᠵᠢᠭ ᠤᠨ ᠳᠦᠷᠢ ᠲᠥᠷᠬᠦ᠂ ᠬᠠᠩᠬᠤᠯᠤᠨ ᠪᠥᠵᠢᠭᠯᠡᠬᠦ ᠥᠩᠭᠡᠲᠦ ᠪᠦᠰᠡ ᠨᠢ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠣᠯᠠᠨ ᠤ ᠵᠣᠯ ᠵᠢᠷᠭᠠᠯᠲᠤ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠪᠥᠵᠢᠭᠯᠡᠪᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠥᠯᠵᠡᠶ ᠪᠡᠯᠭᠡ ᠲᠠᠢ ᠪᠣᠳᠠᠰ ︽ᠠᠨᠳᠠ︾ ︽ᠰᠠᠶᠢᠨᠦ︾ ᠶᠠᠩᠭᠠᠷ ᠤᠨ ᠡᠩᠨᠡᠭᠡ ᠳᠤ ᠢᠯᠡᠷᠡᠬᠦ ᠦᠶ᠎ᠡ ᠳᠤ᠂ ᠨᠠᠩ ᠴᠤ ᠣᠯᠠᠨ ᠲᠦᠮᠡᠨ ᠢ ᠬᠦᠷᠢᠶᠡᠯᠡᠨ ᠬᠠᠯᠠᠮᠵᠢᠯᠠᠵᠤ ᠪᠠᠶᠢᠬᠤ ᠶᠢ ᠣᠯᠵᠤ᠂ ᠣᠯᠠᠨ ᠲᠦᠮᠡᠨ ᠭᠠᠷ ᠤᠲᠠᠰᠤ ᠪᠠᠨ ᠭᠠᠷᠭᠠᠨ ᠡᠨᠡ ᠬᠦ ᠰᠠᠶᠢᠨ ᠰᠠᠶᠢᠬᠠᠨ ᠴᠠᠭ ᠮᠥᠴᠡ ᠶᠢ ᠲᠡᠮᠳᠡᠭᠯᠡᠪᠡ᠃
   ᠨᠠᠮ ᠵᠠᠰᠠᠭ ᠤᠨ ᠶᠠᠩᠭᠠᠷ ᠤᠨ ᠠᠩᠭᠢ ᠶᠢᠨ ᠭᠡᠰᠢᠭᠦᠨ ᠵᠢᠶᠠ ᠳ᠋ᠠᠶ᠄ ︽ᠪᠢ ᠶᠠᠩᠭᠠᠷ ᠪᠥᠵᠢᠭ ᠢᠶᠠᠨ ᠳᠥᠷᠪᠡ ᠲᠠᠪᠤᠨ ᠵᠢᠯ ᠪᠣᠯᠪᠠ᠂ ᠡᠬᠢᠯᠡᠨ ᠪᠦᠷ ᠪᠠᠶᠢᠭᠤᠯᠭ᠎ᠠ ᠨᠢᠭᠡᠴᠡ ᠠᠴᠠ ᠵᠣᠬᠢᠶᠠᠨ ᠪᠠᠶᠢᠭᠤᠯᠤᠭᠰᠠᠨ ᠣᠷᠣᠯᠴᠠᠭᠴᠢ ᠪᠠᠶᠢᠵᠤ᠂ ᠰᠡᠭᠦᠯᠡᠷ ᠨᠢ ᠠᠭᠠᠵᠢᠮ ᠢᠶᠠᠷ ᠡᠨᠡᠬᠦ ᠶᠠᠩᠭᠠᠷ ᠪᠥᠵᠢᠭ ᠲᠤ ᠳᠤᠷᠠᠲᠠᠢ ᠪᠣᠯᠵᠤ᠂ ᠣᠳᠣ ᠶᠠᠩᠭᠠᠷ ᠪᠥᠵᠢᠭᠯᠡᠵᠦ ᠪᠠᠶᠢᠬᠤ ᠦᠶ᠎ᠡ ᠳᠤ ᠰᠡᠳᠬᠢᠯ ᠮᠠᠰᠢ ᠪᠠᠶᠠᠷ ᠪᠠᠶᠠᠰᠬᠤᠯᠠᠩ ᠲᠠᠢ ᠪᠠᠶᠢᠨ᠎ᠠ︾ ᠭᠡᠵᠦ ᠬᠡᠯᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠶᠠᠩᠭᠠᠷ ᠤᠨ ᠲᠣᠭᠤᠷᠢᠨ ᠲᠣᠭᠯᠠᠬᠤ ᠠᠵᠢᠯᠯᠠᠭ᠎ᠠ ᠨᠢ 2 ᠰᠠᠷ᠎ᠠ ᠶᠢᠨ 24 ᠤ ᠡᠳᠦᠷ ᠪᠣᠯᠲᠠᠯ᠎ᠠ ᠦᠷᠭᠦᠯᠵᠢᠯᠡᠵᠦ᠂ ᠪᠥᠬᠦ ᠰᠢᠶᠠᠨ ᠤ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤ ᠪᠠᠷ ᠪᠦᠷᠢᠯᠳᠦᠭᠰᠡᠨ 13 ᠶᠠᠩᠭᠠᠷ ᠤᠨ ᠠᠩᠭᠢ ᠡᠳᠦᠷ ᠪᠦᠷᠢ ᠶᠢᠨ ᠦᠳᠡ ᠶᠢᠨ ᠬᠤᠶᠢᠨᠠᠬᠢ ᠬᠤᠶᠠᠷ ᠴᠠᠭ ᠬᠠᠭᠠᠰ ᠲᠤ ᠡᠯ᠎ᠡ ᠲᠣᠭᠯᠠᠯᠲᠠ ᠶᠢᠨ ᠵᠠᠮ ᠢᠶᠠᠷ ᠲᠣᠭᠤᠷᠢᠨ ᠲᠣᠭᠯᠠᠯᠲᠠ ᠭᠠᠷᠭᠠᠵᠤ᠂ ᠥᠷᠭᠡᠨ ᠣᠯᠠᠨ ᠲᠦᠮᠡᠨ ᠪᠠ ᠪᠣᠶ ᠪᠥᠬᠦᠶ ᠵᠢᠭᠤᠯᠴᠢᠯᠠᠭᠴᠢᠳ ᠲᠤ ᠴᠠᠭᠠᠨ ᠰᠠᠷ᠎ᠠ ᠶᠢᠨ ᠦᠨᠦᠷ ᠠᠮᠲᠠ ᠶᠢ ᠮᠡᠳᠡᠷᠡᠭᠦᠯᠦᠨ᠎ᠡ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2