︵2024 ᠣᠨ ᠤ 2 ᠰᠠᠷ᠎ᠠ ᠶᠢᠨ 5 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ | ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ | ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ 2024 ᠣᠨ ᠤ 2 | ᠰᠠᠷ᠎ᠠ ᠶᠢᠨ 5 ᠤ ᠡᠳᠦᠷ ᠬᠤᠷᠠᠯᠳᠤᠪᠠ᠃ ᠡᠨᠡ ᠤᠳᠠᠭᠠᠨ ᠤ ᠪᠥᠬᠦᠳᠡ ᠬᠤᠷᠠᠯ ᠳᠤ ᠰᠢᠶᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠭᠡᠰᠢᠭᠦᠨ 18 ᠬᠥᠮᠦᠨ᠂ 153 ᠬᠥᠮᠦᠨ ᠰᠤᠯᠠ ᠣᠷᠣᠯᠴᠠᠪᠠ᠃ | ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠪᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ᠂ ᠰᠢᠶᠠᠨ ᠤ ᠤᠯᠤᠰ ᠲᠦᠷᠦ ᠶᠢᠨ | ᠵᠥᠪᠯᠡᠯᠭᠡᠨ ᠵᠢᠴᠢ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ | ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠪᠥᠬᠦᠳᠡ ᠬᠤᠷᠠᠯ ᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ | ᠃ ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠬᠤᠳᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠵᠢᠴᠢ | ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠤᠨ | ᠠᠵᠢᠯ ᠤᠨ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ | ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ 2024 ᠣᠨ ᠤ | ᠡᠭᠦᠷᠭᠡ ᠶᠢ ᠪᠠᠶᠢᠷᠢᠯᠠᠭᠤᠯᠪᠠ᠃ ᠰᠢᠩ ᠮᠢᠩ ᠨᠥᠬᠦᠷ ᠤᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠯᠢᠶᠠᠩᠴᠧᠩ ᠤᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ | ᠵᠥᠪᠯᠡᠵᠦ ᠪᠠᠲᠤᠯᠠᠪᠠ᠃ | ᠪᠦᠬᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ᠂ ᠡᠨᠡ ᠬᠦ | ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠰᠢᠨ᠎ᠡ ᠠᠶᠠᠨ ᠵᠠᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠤᠨ ᠰᠢᠨᠵᠢᠯᠡᠬᠦ | ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠵᠠᠢ ᠭᠡᠵᠦ ᠰᠠᠨᠠᠯ ᠨᠢᠭᠡᠲᠡᠢ ᠦᠵᠡᠪᠡ᠃ ᠪᠦᠬᠦ ᠰᠢᠶᠠᠨ ᠤ ᠡᠯ᠎ᠡ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠭᠦᠨ ᠵᠤᠵᠠᠭᠠᠨ ᠬᠠᠶᠢᠷ᠎ᠠ | ᠰᠡᠳᠬᠢᠯᠭᠡ ᠶᠢ ᠡᠪᠦᠷᠯᠡᠵᠦ᠂ ᠡᠷᠡᠰ ᠪᠠᠲᠤ ᠢᠲᠡᠭᠡᠯ ᠪᠢᠰᠢᠷᠡᠯ ᠢ ᠡᠪᠦᠷᠯᠡᠵᠦ᠂ ᠴᠢᠩᠭ᠎ᠠ ᠡᠭᠦᠷᠭᠡ ᠬᠠᠷᠢᠭᠤᠴᠠᠯᠭ᠎ᠠ ᠶᠢ | ᠡᠪᠦᠷᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠯᠠᠪᠳᠠᠭᠤᠨ ᠪᠠᠲᠤᠲᠠᠢ ᠬᠡᠷᠡᠭᠵᠢᠭᠦᠯᠵᠦ᠂ | ᠭᠤᠣᠯ ᠴᠢᠮᠥᠭᠡ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠬᠠᠮᠰᠠᠷ ᠠᠴᠠ ᠪᠠᠨ ᠡᠨᠡᠬᠦ ᠴᠢᠬᠤᠯᠠ ᠦᠵᠡᠯ | ᠰᠠᠨᠠᠭ᠎ᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ | ᠲᠤᠤᠱᠯᠠᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠯᠢ ᠰᠢ ᠨᠥᠬᠦᠷ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠠᠵᠢᠯ ᠤᠨ ᠮᠡᠳᠡᠭᠦᠯᠦᠯᠲᠡ᠂ ᠰᠦᠨ ᠱᠣᠤ | ᠴᠧᠩ ᠨᠥᠬᠦᠷ᠂ ᠯᠢᠦ ᠱᠤᠸᠠᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠶᠠᠷᠢᠶ᠎ᠠ ᠪᠠ ᠠᠵᠢᠯ ᠤᠨ | ᠮᠡᠳᠡᠭᠦᠯᠦᠯᠲᠡ᠂ ᠰᠦᠶ ᠸᠧᠶ ᠵᠢᠶᠦ᠋ᠨ ᠨᠥᠬᠦᠷ᠂ ᠯᠢ ᠴᠧᠩ ᠭᠤᠸᠠᠩ ᠨᠥᠬᠦᠷ ᠤᠨ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠶᠠᠷᠢᠶ᠎ᠠ ᠪᠠ | ᠠᠵᠢᠯ ᠤᠨ ᠢᠯᠡᠳᠬᠡᠯ ᠵᠢᠴᠢ ᠯᠢᠦ ᠶᠢᠨ ᠲᠤᠤ ᠨᠥᠬᠦᠷ ᠤᠨ ᠶᠠᠷᠢᠶ᠎ᠠ ᠶᠢ ᠨᠠᠷᠢᠨ ᠬᠢᠨᠠᠮᠠᠭᠠᠶ ᠰᠤᠷᠤᠯᠴᠠᠪᠠ᠃ | ᠮᠡᠳᠡᠭᠦᠯᠦᠯᠲᠡ ᠪᠠ ᠶᠠᠷᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠵᠦ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠱᠠᠭᠠᠷᠳᠠᠯᠭ᠎ᠠ ᠳᠤᠷᠠᠳᠴᠤ᠂ ᠪᠦᠬᠦ | ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃ | ᠪᠦᠬᠦᠳᠡ ᠬᠤᠷᠠᠯ ᠠᠴᠠ᠂ 2023 ᠣᠨ ᠳᠤ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠦᠬᠦ ᠰᠢᠶᠠᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠢᠮᠠᠭᠲᠠ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ | ᠠᠮᠢᠰᠬᠤᠯ ᠢᠶᠠᠷ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ︽ᠲᠠᠪᠤᠨ ᠵᠢᠱᠢᠶ᠎ᠡ | ᠦᠵᠡᠭᠦᠯᠬᠦ ᠰᠢᠶᠠᠨ︾ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠵᠠᠢ᠃ ᠭᠤᠤᠯ | ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ | ᠪᠠᠷᠢᠮᠲᠠᠯᠠᠨ᠎ᠠ᠃ ᠨᠠᠷᠢᠯᠢᠭ ᠣᠨᠣᠪᠴᠢᠲᠠᠢ ᠪᠥᠭᠡᠳ ᠬᠦᠴᠦᠲᠡᠢ ᠤᠯᠤᠰ ᠲᠦᠷᠦ ᠶᠢᠨ ᠬᠢᠨᠠᠯᠲᠠ ᠪᠠᠷ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ | ᠲᠥᠪ ᠤᠨ ᠨᠠᠢᠮᠠᠨ ᠲᠣᠭᠲᠠᠭᠠᠯ ᠤᠨ ᠬᠠᠱᠢᠯᠭᠠ ᠶᠢ ᠦᠷᠭᠦᠯᠵᠢᠯᠡᠨ ᠪᠠᠬᠢᠵᠢᠭᠦᠯᠵᠦ ᠰᠤᠷᠲᠠᠯ ᠤᠨ ᠪᠦᠲᠦᠭᠡᠨ | ᠪᠠᠢᠭᠤᠯᠤᠯᠲᠠ ᠶᠢ ᠪᠠᠢᠩᠭᠤ ᠵᠠᠰᠠᠵᠤ ᠤᠷᠲᠤ ᠬᠤᠭᠤᠴᠠᠭ᠎ᠠ ᠪᠠᠷ ᠪᠦᠲᠦᠮᠵᠢᠲᠡᠢ ᠪᠠᠢᠯᠭᠠᠬᠤ ᠬᠡᠷᠡᠭᠲᠡᠢ᠃ ᠲᠥᠪ | ᠴᠢᠩᠭ᠎ᠠ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ | ᠬᠥᠭᠵᠢᠬᠦ ᠶᠢ ᠠᠬᠢᠭᠤᠯᠤᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ︽ | ᠢᠯᠠᠭ᠎ᠠ ᠰᠢᠷᠭᠤᠯᠵᠢ ᠶᠢᠨ ᠢᠯᠠᠭ᠎ᠠ︾ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠬᠤᠷᠴᠠ ᠰᠡᠯᠡᠮ᠎ᠡ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠶ ᠥᠷᠨᠢᠭᠦᠯᠵᠦ᠂ | ᠥᠪᠡᠷ ᠤᠨ ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠪᠠ᠃ ᠪᠥᠬᠦᠳᠡ ᠬᠤᠷᠠᠯ ᠠᠴᠠ ᠠᠮᠵᠢᠯᠲᠠ ᠪᠠᠨ ᠨᠤᠲᠠᠯᠠᠬᠤ ᠶᠢᠨ | ᠬᠠᠮᠲᠤ ᠪᠦᠬᠦ ᠰᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ | ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠶ ᠪᠠᠷ | ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ | ᠪᠦᠬᠦᠳᠡ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠦᠬᠦ ᠲᠠᠯ᠎ᠠ ᠪᠠᠷ | ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠪᠣᠯᠤᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ | ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠪᠣᠯᠤᠨ ᠰᠢᠶᠠᠨ ᠤ ᠨᠠᠮ ᠤᠨ ᠬᠤᠷᠢᠶᠠᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠨᠠᠮ ᠤᠨ ᠲᠦᠷᠢᠮ ᠢ ᠲᠥᠪ ᠴᠢᠩᠭ᠎ᠠ ᠪᠣᠯᠭᠠᠬᠤ ᠪᠠ ᠦᠨᠳᠦᠰᠦᠨ ᠬᠠᠤᠯᠢ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠯᠢᠶᠠᠩᠴᠧᠩ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠢᠭᠡᠳᠦᠭᠡᠷ ᠲᠤ᠂ ᠭᠤᠣᠯ ᠰᠡᠳᠦᠪᠲᠦ ᠬᠥᠮᠦᠵᠢᠯ ᠪᠣᠯᠤᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ | ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ | ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ | ᠭᠤᠣᠯ ᠰᠡᠳᠦᠪ ᠭᠤᠣᠯ ᠱᠤᠭᠤᠮ ᠪᠣᠯᠭᠠᠵᠤ᠂ ᠭᠦᠨᠵᠡᠭᠡᠶᠢᠷᠡᠭᠦᠯᠬᠦ᠂ ᠳᠣᠲᠣᠭᠠᠳᠤ ᠳᠠᠭᠠᠨ ᠬᠤᠪᠢᠷᠠᠭᠤᠯᠬᠤ᠂ | ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠰᠤᠷᠠᠯᠲᠠ | ᠦᠭᠡᠢ ᠦᠢᠯᠡᠴᠢᠯᠡᠭᠡᠨ ᠤ ᠪᠠᠲᠤᠯᠠᠭ᠎ᠠ ᠪᠣᠯᠭᠠᠨ ᠬᠤᠪᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠪᠣᠳᠠᠲᠤ ᠦᠷ᠎ᠡ ᠪᠦᠲᠦᠮᠵᠢ | ᠪᠣᠯᠭᠠᠨ ᠬᠤᠪᠢᠷᠠᠭᠤᠯᠬᠤ ᠬᠡᠷᠡᠭᠲᠡᠢ᠃ | ᠬᠤᠶᠠᠳᠤᠭᠠᠷ ᠲᠤ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ︽ᠬᠤᠶᠠᠷ ᠢ ᠬᠠᠮᠠᠭᠠᠯᠠᠬᠤ︾ ᠶᠢ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ᠂ ᠤᠯᠤᠰ ᠲᠦᠷᠦ ᠶᠢᠨ | ᠠᠮᠤᠷ ᠲᠦᠪᠰᠢᠨ᠂ ᠤᠯᠤᠰ ᠲᠦᠷᠦ ᠶᠢᠨ ᠬᠠᠷᠢᠭᠤᠴᠠᠯᠭ᠎ᠠ᠂ ᠤᠯᠤᠰ ᠲᠦᠷᠦ ᠶᠢᠨ ᠵᠣᠭᠰᠣᠯᠲᠠ ᠪᠠ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ | ᠵᠥᠷᠢᠶ᠎ᠡ ᠶᠢ ᠡᠷᠡᠰ ᠵᠠᠯᠠᠷᠠᠭᠤᠯᠵᠤ᠂ ᠤᠯᠤᠰ ᠲᠦᠷᠦ ᠶᠢᠨ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ | ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ | ᠪᠣᠯᠭᠠᠵᠤ᠂ ᠬᠤᠶᠠᠷ ᠶᠡᠭᠡ ᠶᠠᠪᠤᠳᠠᠯ ᠢ ᠴᠢᠩᠭ᠎ᠠ ᠠᠩᠬᠠᠷᠴᠤ ᠤᠯᠤᠰ ᠲᠦᠷᠦ ᠶᠢᠨ ᠬᠢᠨᠠᠯᠲᠠ ᠶᠢ ᠭᠦᠨᠵᠡᠭᠡᠶᠢᠷᠡᠭᠦᠯᠵᠦ᠂ | ᠳᠤᠮᠳᠠᠳᠤ ᠤᠷᠤᠰᠬᠠᠯ ᠢ ᠲᠣᠭᠲᠠᠪᠤᠷᠢᠵᠢᠭᠤᠯᠬᠤ᠂ ᠳᠡᠭᠡᠳᠦ ᠤᠷᠤᠰᠬᠠᠯ ᠢ ᠪᠤᠯᠢᠶᠠᠯᠳᠤᠬᠤ᠂ ᠡᠮᠦᠨ᠎ᠡ ᠡᠩᠨᠡᠭᠡᠨ ᠳᠤ | ᠣᠷᠣᠭᠤᠯᠬᠤ ᠳᠤ ᠪᠠᠲᠤᠯᠠᠭ᠎ᠠ ᠬᠠᠩᠭᠠᠨ᠎ᠠ᠃ | ᠭᠤᠷᠪᠠᠳᠤᠭᠠᠷ ᠲᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠨ ᠭᠦᠨᠵᠡᠭᠡᠶᠢᠷᠡᠭᠦᠯᠦᠨ | ᠠᠬᠢᠭᠤᠯᠵᠤ᠂ ᠢᠯᠵᠠᠷᠠᠯ ᠡᠭᠦᠰᠬᠦ ᠬᠥᠷᠥᠰᠥ ᠰᠢᠷᠣᠢ ᠪᠠ ᠨᠥᠬᠦᠴᠡᠯ ᠢ ᠲᠠᠰᠤᠷᠠᠯᠳᠠ ᠦᠭᠡᠢ ᠠᠷᠢᠯᠭᠠᠬᠤ ᠬᠡᠷᠡᠭᠲᠡᠢ᠃ | ᠵᠠᠰᠠᠭ ᠤᠨ ᠣᠷᠳᠣᠨ ᠪᠠ ᠬᠤᠳᠠᠯᠳᠤᠭᠠᠴᠢᠨ ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠳᠬᠡᠬᠦ ᠶᠢ ᠴᠢᠬᠤᠯᠠ ᠠᠴᠠ | ᠴᠢᠬᠤᠯᠠ ᠵᠦᠢᠯ ᠪᠣᠯᠭᠠᠵᠤ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠡᠨᠧᠷᠭᠢ᠂ | ᠨᠠᠪᠴᠢᠨ ᠲᠠᠮᠠᠬᠢ᠂ ᠡᠮ ᠡᠮᠨᠡᠯᠭᠡ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠡᠷᠬᠡ ᠶᠢᠨ ᠲᠥᠪᠯᠡᠷᠡᠯ᠂ ᠪᠡᠯᠡ ᠮᠥᠩᠭᠦ | ᠨᠢᠭᠲᠠᠷᠠᠭᠰᠠᠨ᠂ ᠡᠬᠢ ᠪᠠᠶᠠᠯᠢᠭ ᠡᠯᠪᠡᠭ ᠳᠡᠯᠪᠡᠭ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠡᠭᠴᠡᠯᠡᠨ | ᠵᠠᠰᠠᠬᠤ ᠶᠢ ᠭᠦᠨᠵᠡᠭᠡᠶᠢᠷᠡᠭᠦᠯᠦᠨ᠎ᠡ᠃ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠲᠤ ᠲᠠᠯᠪᠢᠬᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠃ ᠬᠡᠭᠡᠯᠢ ᠲᠦᠯᠬᠢᠬᠦ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠱᠢᠳᠭᠡᠵᠦ᠂ | ᠠᠱᠢᠭ ᠲᠤᠰᠠ ᠶᠢᠨ ᠬᠡᠯᠬᠢᠶ᠎ᠡ ᠶᠢ ᠴᠢᠩᠭ᠎ᠠ ᠪᠠᠢᠴᠠᠭᠠᠵᠤ᠂ ᠤᠯᠤᠰ ᠲᠥᠷᠥ ᠶᠢᠨ ᠮᠡᠬᠡᠯ ᠡᠭᠴᠢ ᠳᠤ ᠴᠢᠩᠭ᠎ᠠ | ᠴᠣᠬᠢᠯᠲᠠ ᠥᠭᠭᠦᠨ᠎ᠡ᠃ ᠵᠠᠯᠠᠭᠤ ᠺᠠᠳ᠋ᠷ ᠤᠨ ᠬᠦᠮᠦᠵᠢᠯ ᠬᠠᠮᠢᠶᠠᠷᠤᠯᠲᠠ ᠬᠢᠨᠠᠯᠲᠠ ᠶᠢ ᠴᠢᠩᠭ᠎ᠠ ᠪᠥᠭᠡᠳ ᠪᠣᠳᠠᠲᠠᠢ ᠪᠠᠷ | ᠴᠢᠩᠭᠠᠳᠬᠠᠵᠤ᠃ ᠬᠡᠷᠡᠭ ᠤᠨ ᠶᠠᠰᠤ ᠴᠢᠨᠠᠷ ᠤᠨ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠵᠤ᠂ ᠬᠡᠷᠡᠭ | ᠰᠢᠢᠳᠪᠦᠷᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠬᠡᠷᠡᠭ ᠢ ᠪᠠᠶᠢᠴᠠᠭᠠᠨ | ᠰᠢᠢᠳᠪᠦᠷᠢᠯᠡᠬᠦ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠵᠡᠷᠭᠡᠪᠡᠷ ᠥᠷᠨᠢᠭᠦᠯᠬᠦ᠂ ᠵᠡᠷᠭᠡᠪᠡᠷ | ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠠᠵᠢᠯ ᠤᠨ ᠬᠤᠪᠢᠶᠠᠷᠢᠯᠠᠯ ᠲᠣᠳᠣᠷᠬᠠᠢ᠂ ᠬᠠᠷᠢᠭᠤᠴᠠᠯᠭ᠎ᠠ ᠲᠣᠳᠣᠷᠬᠠᠢ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠰᠢᠨ᠎ᠡ ᠴᠠᠭ | ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠠᠬᠢᠭᠤᠯᠤᠨ᠎ᠠ᠃ | ᠳᠥᠷᠪᠡᠳᠦᠭᠡᠷ ᠲᠤ᠂ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠶᠢ ᠦᠷᠭᠦᠯᠵᠢᠯᠡᠨ ᠪᠠᠬᠢᠵᠢᠭᠦᠯᠵᠦ᠂ | ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ | ᠠᠬᠢᠭᠤᠯᠤᠨ᠎ᠠ᠃ ᠨᠠᠮ ᠤᠨ ᠳᠦᠷᠢ ᠲᠥᠷᠬᠦ ᠶᠢ ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ | ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠴᠢᠩᠭ᠎ᠠ ᠴᠡᠭᠴᠡᠯᠡᠨ ᠵᠠᠰᠠᠵᠤ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠦᠨ᠎ᠡ᠃ ᠺᠠᠳ᠋ᠷ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠴᠢᠩᠭ᠎ᠠ ᠵᠠᠯᠠᠷᠠᠭᠤᠯᠤᠨ ᠵᠠᠰᠠᠵᠤ᠂ ᠤᠳᠤᠷᠢᠳᠬᠤ ᠪᠠᠶᠢᠭᠤᠯᠭ᠎ᠠ ᠠᠴᠠ ᠡᠬᠢᠯᠡᠨ ᠠᠳᠬᠤᠵᠤ᠂ ᠤᠳᠤᠷᠢᠳᠬᠤ | ᠺᠠᠳ᠋ᠷ ᠠᠴᠠ ᠡᠬᠢᠯᠡᠨ ᠥᠭᠡᠷᠡᠴᠢᠯᠡᠵᠦ᠂ ᠠᠵᠢᠯ ᠬᠢᠬᠦ ᠦᠭᠡᠢ ᠳᠤᠷ᠎ᠠ ᠪᠠᠷ ᠢᠶᠠᠨ ᠬᠢᠬᠦ᠂ ᠠᠵᠢᠯ ᠬᠢᠬᠦ ᠦᠭᠡᠢ | ᠪᠠᠶᠢᠬᠤ ᠶᠢᠨ ᠲᠥᠯᠥᠭᠡ ᠤᠴᠢᠷ ᠰᠢᠯᠲᠠᠭᠠᠨ ᠡᠷᠢᠬᠦ᠂ ︽ᠭᠤᠷᠪᠠᠨ ᠠᠷᠪᠢᠨ ᠭᠤᠷᠪᠠᠨ ᠴᠥᠭᠡᠨ︾᠂ ︽ᠤᠳᠠᠭᠠᠨ | ᠪᠦᠳᠦᠭᠦᠯᠢᠭ︾ ᠵᠢᠴᠢ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠵᠡᠷᠭᠡ ᠲᠤᠪᠤᠶᠢᠮ᠎ᠠ ᠠᠰᠠᠭᠤᠳᠠᠯ ᠢ | ᠭᠤᠣᠯᠳᠠᠯᠭ᠎ᠠ ᠲᠠᠢ ᠵᠠᠯᠠᠷᠠᠭᠤᠯᠤᠨ ᠵᠠᠰᠠᠨ᠎ᠠ᠃ ᠲᠥᠪ ᠪᠤᠰᠤ ᠰᠤᠷᠲᠠᠯ ᠤᠨ ᠠᠷᠤ ᠳᠠᠬᠢ ᠨᠠᠶᠢᠳᠠᠨ ᠬᠠᠮᠢᠶᠠᠷᠤᠭᠤᠯᠬᠤ᠂ | ᠠᠰᠢᠭ ᠲᠤᠰᠠ ᠬᠦᠷᠭᠡᠬᠦ ᠵᠡᠷᠭᠡ ᠢᠯᠵᠠᠷᠠᠯ ᠤᠨ ᠠᠰᠠᠭᠤᠳᠠᠯ ᠢ ᠭᠦᠨ ᠠᠭᠤᠳᠠᠯᠠᠵᠤ᠂ ᠢᠯᠵᠠᠷᠠᠯ ᠤᠨ ᠠᠷᠤ ᠳᠠᠬᠢ | ᠰᠤᠷᠲᠠᠯ ᠤᠨ ᠠᠰᠠᠭᠤᠳᠠᠯ ᠢ ᠨᠠᠷᠢᠨ ᠪᠠᠶᠢᠴᠠᠭᠠᠬᠤ ᠬᠡᠷᠡᠭᠲᠡᠶ᠃ | ᠲᠠᠪᠤᠳᠤᠭᠠᠷ ᠲᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠤᠯᠤᠰ | ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠬᠤ᠂ ᠡᠳᠦᠷ ᠲᠤᠳᠤᠮ ᠤᠨ | ᠠᠵᠢᠯ ᠳᠠᠭᠠᠨ ᠴᠢᠩᠭ᠎ᠠ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠪᠠ ᠲᠣᠭᠤᠷᠢᠨ ᠪᠠᠶᠢᠴᠠᠭᠠᠬᠤ ᠠᠵᠢᠯ ᠤᠨ | ᠲᠦᠷᠢᠮ ᠢᠶᠠᠷ ᠠᠵᠠ ᠲᠣᠬᠢᠶᠠᠯ ᠪᠣᠯᠭᠠᠨ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠬᠤ ᠬᠡᠷᠡᠭᠲᠡᠢ᠃ ︽ | ᠳᠥᠷᠪᠡᠨ ᠵᠦᠶ᠋ᠯ ᠤᠨ ᠬᠡᠯᠪᠡᠷᠢ ᠪᠠᠶᠢᠳᠠᠯ︾ ᠢ ᠣᠨᠣᠪᠴᠢᠲᠠᠶ ᠵᠢᠷᠤᠮᠵᠢᠭᠤᠯᠤᠨ ᠬᠡᠷᠡᠭᠯᠡᠬᠦ ᠪᠠᠷ ᠤᠳᠤᠷᠢᠳᠤᠮᠵᠢ | ᠪᠣᠯᠭᠠᠵᠤ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠠᠴᠠ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠠᠷᠪᠠᠨ ᠬᠤᠶᠠᠷ | ᠵᠦᠢᠯ ᠤᠨ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ | ᠵᠠᠯᠠᠷᠠᠭᠤᠯᠬᠤ ᠨᠠᠢᠮᠠᠨ ᠵᠦᠢᠯ ᠤᠨ ᠰᠠᠨᠠᠯ ᠢ ᠭᠦᠨᠵᠡᠭᠡᠢ ᠨᠠᠶᠢᠳᠠᠪᠤᠷᠢᠵᠢᠭᠤᠯᠵᠤ᠂ ︽ᠭᠤᠷᠪᠠ ᠶᠢ ᠢᠯᠭᠠᠨ ᠰᠠᠯᠭᠠᠬᠤ︾ | ᠶᠢ ᠨᠠᠶᠢᠳᠠᠪᠤᠷᠢᠵᠢᠭᠤᠯᠤᠨ᠂ ᠭᠦᠳᠬᠡᠨ ᠭᠦᠵᠢᠷᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠠᠭ | ᠲᠤᠬᠠᠢ ᠳᠤᠨᠢ ᠺᠠᠳ᠋ᠷᠴᠤᠳ ᠤᠨ ᠨᠡᠷ᠎ᠡ ᠶᠢ ᠲᠥᠪ ᠪᠣᠯᠭᠠᠪᠠ᠃ ᠵᠢᠷᠤᠮᠵᠢᠯ ᠲᠠᠢ ᠬᠠᠷᠢᠭᠤᠴᠠᠯᠭ᠎ᠠ ᠨᠡᠬᠡᠮᠵᠢᠯᠡᠬᠦ᠂ ᠤᠨᠢᠨ | ᠳᠡᠭᠡᠷ᠎ᠡ ᠨᠢ ᠬᠠᠷᠢᠭᠤᠴᠠᠯᠭ᠎ᠠ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠪᠠᠷ ᠡᠯ᠎ᠡ ᠱᠠᠲᠤᠨ ᠤ ᠨᠠᠮ ᠤᠨ ᠭᠡᠰᠢᠭᠦᠨ | ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ᠃ | ᠵᠢᠷᠭᠤᠳᠤᠭᠠᠷ ᠲᠤ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠴᠠᠭᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠥᠬᠦ ᠵᠢᠯ ᠤᠨ | ᠲᠣᠭᠤᠷᠢᠨ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ᠃ ᠴᠠᠭᠳᠠᠨ ᠪᠠᠶᠢᠴᠠᠭᠠᠬᠤ ᠠᠵᠢᠯ ᠤᠨ | ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠴᠠᠭᠳᠠᠨ ᠪᠠᠶᠢᠴᠠᠭᠠᠬᠤ ᠶᠢ ᠦᠨᠳᠦᠰᠦᠨ ᠱᠠᠲᠤ ᠲᠡᠰᠢ | ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ︽ᠭᠤᠷᠪᠠᠨ ᠶᠠᠪᠤᠳᠠᠯ︾ ᠢ ᠢᠯᠡ ᠪᠣᠯᠭᠠᠬᠤ᠂ ︽ᠭᠤᠷᠪᠠᠨ | ᠴᠢᠬᠤᠯᠠ ᠨᠢᠭᠡ ᠶᠡᠭᠡ︾᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ︽ᠬᠤᠶᠠᠷ ᠬᠠᠷᠢᠭᠤᠴᠠᠯᠭ᠎ᠠ︾ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠬᠦᠷᠢᠶᠡᠨ ᠳᠤ ᠤᠳᠠᠭ᠎ᠠ | ᠳᠠᠷᠠᠭᠠᠯᠠᠨ ᠥᠭᠡᠷᠡᠴᠢᠯᠡᠯᠲᠡ ᠬᠢᠵᠦ ᠣᠯᠠᠨᠲᠠ ᠠᠰᠠᠭᠤᠳᠠᠯ ᠲᠠᠢ ᠪᠠᠶᠢᠬᠤ ᠶᠢ ᠴᠢᠩᠭ᠎ᠠ ᠠᠩᠬᠠᠷᠴᠤ᠂ ᠤᠨᠢᠨ | ᠳᠡᠭᠡᠷ᠎ᠡ ᠨᠢ ᠠᠰᠠᠭᠤᠳᠠᠯ ᠢ ᠢᠯᠡᠷᠡᠭᠦᠯᠬᠦ ᠶᠢᠨ ᠬᠠᠮᠲᠤ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ | ᠱᠠᠯᠠᠪᠳᠠᠭᠤᠯᠪᠠ᠃ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠨ | ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠡᠷᠬᠡᠪᠰᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ ᠴᠠᠭ ᠲᠤᠬᠠᠢ ᠳᠤᠨᠢ ᠰᠢᠯᠲᠠᠭᠠᠨ ᠢ ᠨᠢ ᠪᠠᠶᠢᠴᠠᠭᠠᠨ ᠲᠣᠳᠣᠷᠬᠠᠶᠢᠯᠠᠵᠤ᠂ | ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ | ᠳᠣᠯᠣᠳᠤᠭᠠᠷ ᠲᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠦᠷᠭᠦᠯᠵᠢᠯᠡᠨ | ᠴᠡᠭᠴᠡᠯᠡᠨ ᠵᠠᠰᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ | ᠲᠦᠷᠦᠭᠳᠡᠯ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠣᠯᠠᠨ ᠲᠦᠮᠡᠨ ᠤ ᠢᠯᠡᠴᠢᠯᠡᠨ ᠵᠠᠭᠠᠯᠳᠤᠯᠭ᠎ᠠ ᠶᠢ ︽ | ᠦᠯᠡᠳᠡᠭᠡᠯ ᠦᠭᠡᠢ ᠪᠠᠶᠢᠳᠠᠯ᠂ ᠨᠡᠮᠡᠭᠳᠡᠯ ᠤᠨ ᠬᠡᠮᠵᠢᠶ᠎ᠡ ᠶᠢ ᠳᠠᠭᠠᠯᠳᠤᠨ ᠠᠷᠢᠯᠭᠠᠬᠤ︾ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ | ᠳᠤᠯᠠᠭᠠᠯᠠᠭ᠎ᠠ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠳᠤ ᠴᠢᠭᠯᠡᠭᠦᠯᠦᠨ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ | ᠲᠦᠪᠰᠢᠨ ᠢᠯᠠᠩᠭᠤᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠵᠡᠷᠭᠡ ᠲᠠᠯ᠎ᠠ ᠶᠢᠨ | ᠲᠤᠪᠤᠶᠢᠮ᠎ᠠ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠨ᠎ᠠ᠃ ᠢᠳᠡᠬᠦ ᠠᠪᠬᠤ ᠠᠪᠬᠤ ᠱᠠᠯᠢᠬᠤ ᠵᠦᠢᠯ᠂ ᠰᠠᠶᠢᠨ | ᠳᠣᠲᠣᠨᠣ ᠨᠠᠶᠢᠵᠠ ᠵᠡᠷᠭᠡ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠡᠷᠡᠰ | ᠵᠠᠯᠠᠷᠠᠭᠤᠯᠤᠨ ᠵᠠᠰᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ | ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ︽ | ᠬᠠᠮᠠᠭᠠᠯᠠᠭᠴᠢ ᠰᠢᠬᠦᠷ ᠢᠶᠠᠷ ᠬᠠᠷᠢᠴᠠᠭᠠᠨ ᠤ ᠲᠤᠤᠷ ᠢ ᠡᠪᠳᠡᠬᠦ︾ ᠪᠠᠶᠢᠩᠭᠤᠵᠢᠭᠰᠠᠨ ᠮᠠᠰᠢᠨᠴᠢᠯᠠᠯᠲᠠ ᠶᠢ | ᠠᠬᠢᠭᠤᠯᠤᠨ᠎ᠠ᠃ | ᠨᠠᠢᠮᠠᠳᠤᠭᠠᠷ ᠲᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠰᠠᠶᠢᠲᠤᠷ ᠠᠳᠬᠤᠵᠤ᠂ | ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠴᠡᠪᠡᠷ ᠠᠷᠢᠭᠤᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠤᠨ᠎ᠠ᠃ ᠰᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠲᠦᠷᠦᠭᠦᠯᠡᠨ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠪᠦᠬᠦ ᠰᠢᠰᠲ᠋ᠧᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠦᠯᠢᠭᠡᠷ | ᠳᠠᠭᠤᠷᠢᠶᠠᠯ ᠪᠣᠯᠬᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠢ | ᠲᠠᠶᠢᠴᠢᠯᠠᠬᠤ ᠶᠢ ᠲᠠᠶᠢᠴᠢᠯᠠᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰ ᠪᠡᠶ᠎ᠡ ᠳᠤ ᠣᠷᠣᠰᠢᠵᠤ ᠪᠠᠶᠢᠭ᠎ᠠ ︽ᠭᠤᠷᠪᠠᠨ | ᠤᠯᠠᠨ ᠭᠤᠷᠪᠠᠨ ᠴᠥᠭᠡᠨ ᠭᠤᠷᠪᠠᠨ ᠤᠳᠠᠭᠠᠨ︾᠂ ︽ᠤᠳᠠᠭᠠᠨ ᠪᠦᠳᠦᠭᠦᠯᠢᠭ︾᠂ ᠦᠢᠯᠡᠴᠢᠯᠡᠭᠡᠨ ᠤ ᠪᠠᠲᠤᠯᠠᠭ᠎ᠠ | ᠬᠦᠷᠦᠯᠴᠡᠬᠦ ᠦᠭᠡᠢ ᠵᠡᠷᠭᠡ ᠬᠤᠶᠠᠷ ᠶᠡᠭᠡ ᠶᠠᠪᠤᠳᠠᠯ ᠢ ᠰᠠᠶᠢᠲᠤᠷ ᠰᠢᠢᠳᠪᠦᠷᠢᠯᠡᠬᠦ ᠴᠢᠳᠠᠪᠤᠷᠢ ᠬᠦᠷᠦᠯᠴᠡᠬᠦ ᠦᠭᠡᠢ | ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠠᠤᠯᠢ ᠪᠠᠷ ᠵᠠᠰᠠᠬᠤ ᠤᠬᠠᠮᠰᠠᠷ᠂ ᠳᠡᠰ | ᠳᠠᠷᠠᠭᠠᠯᠠᠯ ᠤᠨ ᠤᠬᠠᠮᠰᠠᠷ᠂ ᠭᠡᠷᠡᠴᠢ ᠪᠠᠷᠢᠮᠲᠠ ᠶᠢᠨ ᠤᠬᠠᠮᠰᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠲᠦᠷᠢᠮᠵᠢᠭᠰᠡᠨ ᠬᠠᠤᠯᠢᠵᠢᠯᠳᠠ ᠶᠢᠨ ᠵᠢᠩᠬᠢᠨᠢᠴᠢᠯᠠᠯᠳᠠ ᠶᠢ ᠲᠠᠰᠤᠷᠠᠯᠳᠠ ᠦᠭᠡᠢ | ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠵᠢᠴᠢ ᠡᠯ᠎ᠡ ᠲᠠᠯ᠎ᠠ ᠶᠢᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠷᠬᠡ ᠶᠢ | ᠵᠢᠷᠤᠮᠵᠢᠭᠤᠯᠤᠨ ᠬᠡᠷᠡᠭᠵᠢᠭᠦᠯᠦᠨ᠎ᠡ᠃ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠤᠳᠤᠷᠢᠳᠤᠯᠭ᠎ᠠ ᠵᠢᠯᠤᠭᠤᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ | ᠬᠡᠷᠡᠭᠲᠡᠢ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠠᠴᠢᠯᠠᠭᠰᠠᠨ ᠮᠡᠷᠭᠡᠵᠢᠯ ᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠭᠦᠨᠵᠡᠭᠡᠢ | ᠠᠭᠤᠰᠤᠯᠴᠠᠭᠤᠯᠬᠤ ᠶᠢ ᠠᠬᠢᠭᠤᠯᠤᠨ᠎ᠠ᠃ | ᠪᠦᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ | ᠳᠦᠷᠰᠦ ᠪᠠᠶᠢᠳᠠᠯ ᠢ ᠢᠮᠠᠭᠲᠠ ᠪᠠᠷᠢᠮᠲᠠᠯᠠᠵᠤ᠂ ᠡᠭᠦᠷᠢᠳᠡ ᠵᠤᠬᠰᠤᠰᠢ ᠦᠭᠡᠢ ᠬᠠᠳᠠᠨ ᠵᠣᠷᠢᠭ ᠢᠶᠠᠨ ᠪᠠᠷᠢᠮᠲᠠᠯᠠᠵᠤ᠂ | ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ | ᠪᠦᠯᠬᠦᠮᠳᠡᠨ ᠲᠡᠮᠡᠴᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠯᠢᠶᠠᠩᠴᠧᠩ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠤᠷᠢᠶᠠᠯᠠᠪᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |