ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/27
   2 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ︔ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠨᠥᠬᠦᠷ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠱᠠᠭᠠᠷᠳᠠᠯᠭ᠎ᠠ ᠶᠢ ᠤᠯᠠᠮᠵᠢᠯᠠᠪᠠ︔ ᠰᠢᠶᠠᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠠᠵᠢᠯ ᠤᠨ ᠬᠤᠪᠢᠶᠠᠷᠢᠯᠠᠯ ᠤᠨ ᠡᠭᠦᠷᠭᠡ ᠶᠢ ᠤᠩᠰᠢᠨ ᠨᠡᠶᠢᠲᠡᠯᠡᠪᠡ᠃ ᠰᠢᠶᠠᠨ ᠤ ᠤᠳᠤᠷᠢᠳᠤᠯᠭ᠎ᠠ ᠰᠢᠩ ᠮᠢᠩ᠂ ᠳ᠋ᠦᠩ ᠰᠢᠶᠤᠤ ᠨᠢᠩ ᠣᠷᠣᠯᠴᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠬᠠᠷᠢᠴᠠᠭᠤᠯᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠢᠴᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠣᠯᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠲᠠᠢ ᠬᠠᠷᠭᠤᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠲᠣᠭᠤᠷᠢᠨ ᠪᠠᠶᠢᠴᠠᠭᠠᠵᠤ ᠬᠢᠨᠠᠨ ᠪᠤᠳᠤᠬᠤ ᠵᠡᠷᠭᠡ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ 4 ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠢᠶᠠᠨ ᠰᠠᠶᠢᠲᠤᠷ ᠲᠥᠯᠥᠪᠵᠢᠭᠦᠯᠬᠦ ᠮᠥᠷᠲᠡᠭᠡᠨ ᠡᠩᠨᠡᠭᠡ ᠪᠠᠨ ᠰᠠᠶᠢᠲᠤᠷ ᠬᠠᠮᠢᠶᠠᠷᠬᠤ ᠬᠡᠷᠡᠭᠲᠡᠶ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ︽ᠡᠴᠦᠰ ᠤᠨ ᠨᠢᠭᠡ ᠺᠢᠯᠤᠮᠧᠲ᠋ᠧᠷ︾ ᠢ ᠨᠡᠪᠲᠡᠷᠡᠭᠦᠯᠵᠦ᠂ ᠴᠠᠭᠳᠠᠨ ᠪᠠᠶᠢᠴᠠᠭᠠᠬᠤ ᠠᠵᠢᠯ ᠢ ᠦᠨᠳᠦᠰᠦᠨ ᠱᠠᠳᠤ ᠲᠡᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃    ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠪᠦᠬᠦ ᠬᠥᠮᠦᠰ︔ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ ᠵᠡᠷᠭᠡ ᠬᠠᠮᠵᠢᠯᠴᠠᠬᠤ ᠨᠢᠭᠡᠴᠡ ᠶᠢᠨ ᠬᠠᠷᠢᠭᠤᠴᠠᠯᠭᠠᠲᠠᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠬᠤᠩ ᠮᠤᠤ ᠪᠠᠯᠭᠠᠰᠤ ᠵᠡᠷᠭᠡ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠭᠤᠣᠯ ᠤᠳᠤᠷᠢᠳᠤᠯᠭ᠎ᠠ ᠣᠷᠣᠯᠴᠠᠪᠠ᠃                                                      ᠨᠠᠶᠢᠷᠠᠭᠤᠯᠤᠭᠴᠢ᠄   ᠶᠠᠩ  ᠿᠦᠢ ᠵᠧᠨ                                                      ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2