ᠯᠢᠶᠠᠩᠴᠧᠩ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠄ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢ ᠰᠠᠶᠢᠲᠤᠷ ᠡᠬᠢᠯᠡᠵᠦ ᠯᠤᠦ ᠵᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠪᠡ
ᠨᠡᠶᠢᠲᠡᠯᠡᠭᠰᠡᠨ ᠴᠠᠭ᠄
2024/2/27
   ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠳᠦᠷᠰᠦ ᠪᠠᠶᠢᠳᠠᠯ᠂ ᠬᠦᠰᠡᠯ ᠡᠷᠡᠮᠡᠯᠵᠡᠯ ᠳᠦᠭᠦᠷᠡᠩ ᠪᠠᠶᠢᠵᠤ᠂ 2 ᠰᠠᠷ᠎ᠠ ᠶᠢᠨ 26 ᠤ ᠡᠳᠦᠷ᠂ ᠯᠢᠶᠠᠩᠴᠧᠩ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠭᠰᠡᠨ ᠠᠩᠬᠠᠨ ᠤ ᠡᠳᠦᠷ ᠢᠶᠠᠨ ᠤᠭᠲᠤᠨ ᠠᠪᠴᠢᠷᠠᠵᠤ᠂ ᠪᠠᠭᠰᠢ ᠰᠤᠷᠤᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠥᠰᠢᠭᠡ ᠶᠢ ᠰᠡᠬᠦᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠨᠢᠭᠡᠳᠦᠭᠡᠷ ᠬᠢᠴᠢᠶᠡᠯ ᠢ ᠡᠬᠢᠯᠡᠭᠦᠯᠪᠡ᠃
     ᠰᠤᠷᠪᠤᠯᠵᠢᠯᠠᠭᠴᠢ ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠬᠦ ᠳᠤ᠂ ᠥᠷᠭᠡᠨ ᠠᠭᠤᠳᠠᠮ ᠲᠠᠮᠢᠷ ᠤᠨ ᠲᠠᠯᠠᠪᠠᠢ ᠳᠤ ᠶᠡᠷᠦ ᠪᠤᠰᠤ ᠶᠢᠨ ᠬᠦᠷ ᠬᠥᠭᠵᠢᠶᠡᠨ ᠲᠠᠢ ᠪᠠᠶᠢᠯ᠎ᠠ᠃ ᠳᠡᠭᠡᠰᠦᠨ ᠤ ᠬᠢᠴᠢᠶᠡᠯ ᠳᠡᠭᠡᠷ᠎ᠡ᠂ ᠬᠡᠦᠬᠡᠳ ᠤᠳ ᠠᠶᠠᠷᠬᠠᠨ ᠬᠥᠳᠡᠯᠵᠦ ᠲᠡᠳᠡᠨ ᠤ ᠬᠥᠯ ᠤᠨ ᠢᠷᠮᠡᠭ ᠳᠣᠣᠷ᠎ᠠ ᠲᠦᠷᠭᠡᠨ ᠡᠷᠭᠢᠯᠳᠦᠵᠦ  ᠪᠠᠶᠢᠯ᠎ᠠ᠃ ᠬᠦᠯ ᠪᠦᠮᠪᠦᠭᠡᠨ ᠤ ᠬᠢᠴᠢᠶᠡᠯ ᠲᠡᠭᠡᠷ᠎ᠡ᠂ ᠪᠢᠴᠢᠬᠠᠨ  ᠲᠠᠮᠢᠷᠴᠢᠳ ᠨᠢ ᠡᠰᠡᠷᠬᠦᠴᠡᠯᠳᠤᠬᠦ ᠤᠷᠤᠯᠳᠤᠭᠠᠨ ᠶᠠᠪᠣᠭᠤᠯᠵᠦ᠂ ᠬᠠᠷᠢᠯᠴᠠᠨ ᠬᠠᠮᠵᠢᠯᠴᠠᠵᠦ᠂ ᠪᠦᠮᠪᠦᠭᠡ ᠪᠠᠨ ᠲᠠᠮᠵᠢᠭᠤᠯᠵᠦ᠂ ᠪᠦᠮᠪᠦᠭᠡ ᠪᠠᠨ ᠲᠠᠰᠤᠯᠵᠦ᠂ ᠡᠬᠦᠳᠡᠨ ᠬᠠᠷᠪᠤᠵᠦ ᠢᠰᠬᠦᠯᠡᠩ ᠪᠤᠯᠵᠦ᠂ ᠪᠠᠶᠢᠳᠠᠯ ᠮᠠᠰᠢ ᠬᠤᠷᠴᠠ ᠰᠢᠷᠦᠭᠦᠨ ᠪᠠᠶᠢᠯ᠎ᠠ᠃ ᠪᠡᠶ᠎ᠡ ᠶᠢᠨ ᠲᠠᠮᠢᠷ ᠤᠨ ᠲᠠᠯᠠᠪᠠᠢ ᠳᠡᠭᠡᠷ᠎ᠡ ᠠᠮᠢᠵᠢᠷᠠᠯ ᠤᠨ ᠬᠦᠴᠦᠨ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠬᠡᠦᠬᠡᠳ ᠤᠳ ᠪᠡᠶ᠎ᠡ ᠶᠢᠨ ᠲᠠᠮᠢᠷ ᠤᠨ ᠬᠢᠴᠢᠶᠡᠯ ᠳᠡᠭᠡᠷ᠎ᠡ ᠬᠦᠴᠦ ᠬᠥᠯᠥᠰᠥ ᠪᠠᠨ ᠤᠷᠤᠰᠬᠠᠵᠤ᠂ ᠪᠡᠶ᠎ᠡ ᠶᠢᠨ ᠲᠠᠮᠢᠷ ᠤᠨ ᠪᠠᠶᠠᠷ ᠪᠠᠶᠠᠰᠤᠯ ᠢ ᠡᠳ᠋ᠯᠡᠨ᠎ᠡ᠃
   ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ    ᠭᠤᠷᠪᠠᠳᠤᠭᠠᠷ  ᠤᠨ ᠤ ︵ 1︶ ᠤ ᠠᠩᠭᠢ    ᠰᠤᠷᠤᠭᠴᠢ ᠵᠠᠩ ᠮᠧᠩ ᠢ    ᠥᠨᠥᠳᠥᠷ ᠪᠣᠯ ᠰᠤᠷᠭᠠᠭᠤᠯᠢ ᠡᠬᠢᠯᠡᠭᠰᠡᠨ ᠨᠢᠭᠡᠳᠦᠭᠡᠷ ᠡᠳᠦᠷ᠂ ᠪᠢ ᠲᠣᠩ ᠪᠠᠶᠠᠷᠯᠠᠵᠤ  ᠪᠠᠶᠢᠨ᠎ᠠ᠂ ᠣᠳᠣ ᠪᠢᠳᠡ ᠲᠠᠮᠢᠷ ᠤᠨ ᠬᠢᠴᠢᠶᠡᠯ ᠣᠷᠣᠵᠤ  ᠪᠠᠶᠢᠨ᠎ᠠ᠂ ᠪᠢᠳᠡ ᠪᠠᠰᠠ ᠨᠡᠯᠢᠶᠡᠳ ᠰᠠᠢᠨ ᠨᠠᠭᠠᠳᠴᠤ  ᠪᠠᠶᠢᠨ᠎ᠠ᠂ ᠱᠢᠨ᠎ᠡ ᠰᠤᠷᠤᠯᠭ᠎ᠠ ᠶᠢᠨ ᠬᠤᠭᠤᠴᠠᠭᠠᠨ ᠳᠤ ᠪᠢ  ᠴᠢᠷᠮᠠᠶᠢᠨ ᠰᠤᠷᠤᠯᠴᠠᠵᠤ᠂ ᠱᠢᠯᠢᠳᠡᠭ ᠰᠤᠷᠤᠭᠴᠢ ᠪᠣᠯᠤᠨ᠎ᠠ  ᠭᠡᠪᠡ᠃
   ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠳᠤ᠂  ᠨᠣᠮ ᠤᠩᠰᠢᠬᠤ ᠲᠠᠭᠤᠨ ᠳᠠᠬᠢᠨᠲᠠ ᠴᠤᠤᠷᠢᠶᠠᠲᠤᠪᠠ᠃ ᠬᠢᠴᠢᠶᠡᠯ ᠤᠨ ᠲᠠᠩᠬᠢᠮ ᠳᠤ᠂ ᠪᠠᠭᠰᠢ ᠨᠠᠷ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠢᠴᠢᠶᠡᠯ ᠰᠣᠨᠣᠰᠴᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠩᠬᠠᠨ ᠤ ᠡᠳᠦᠷ᠂ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠵᠢᠴᠢ ᠰᠤᠷᠤᠯᠴᠠᠯᠭ᠎ᠠ ᠳᠤ ᠦᠳᠲᠡᠷ ᠲᠦᠷᠭᠡᠨ ᠣᠷᠣᠯᠴᠠᠵᠤ᠂ ᠴᠤᠭ ᠵᠢᠪᠬᠤᠭ᠎ᠠ ᠲᠠᠢ ᠪᠠᠷ ᠴᠣ ᠰᠢᠨ᠎ᠡ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢᠶᠠᠨ ᠨᠡᠭᠡᠭᠡᠵᠡᠶ᠃    ᠯᠢᠶᠠᠩᠴᠧᠩ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠵᠠᠬᠢᠷᠤᠯ ᠸᠠᠩ ᠵᠦᠩ    ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠵᠦ᠂ ᠪᠠᠭᠰᠢ ᠨᠠᠷ ᠪᠣᠯᠣᠨ ᠰᠤᠷᠤᠭᠴᠢᠳ ᠪᠠᠰᠠ ᠰᠠᠶᠢᠬᠠᠨ ᠰᠤᠷᠭᠠᠭᠤᠯᠢ ᠶᠢᠨ ᠬᠦᠷᠢᠶᠡᠨ ᠳᠡᠭᠡᠨ ᠳᠠᠬᠢᠨ ᠪᠤᠴᠠᠵᠠᠢ᠃ ᠲᠣᠰ ᠬᠤᠭᠤᠴᠠᠭᠠᠨ ᠤ ᠮᠠᠨ ᠤ ᠰᠤᠷᠭᠠᠭᠤᠯᠢ ᠦᠷᠭᠦᠯᠵᠢᠯᠡᠨ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠠᠭᠤᠯᠤᠭᠳᠠᠬᠤᠨ ᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠡᠦᠬᠡᠳ ᠤᠨ ᠨᠠᠰᠤᠨ ᠲᠤᠷᠰᠢᠳᠠ ᠶᠢᠨ ᠬᠥᠭᠵᠢᠯᠲᠡ ᠳᠤ ᠰᠠᠶᠢᠨ ᠰᠠᠭᠤᠷᠢ ᠲᠠᠯᠪᠢᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ  ᠭᠡᠪᠡ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2