ᠵᠧᠩ ᠳ᠋ᠦᠩ ᠫᠢᠩ  ᠴᠠᠭᠠᠨ ᠰᠠᠷ᠎ᠠ ᠠᠴᠠ ᠡᠮᠦᠨ᠎ᠡ  ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠲᠤᠬᠤᠨᠢᠭᠤᠯᠪᠠ
ᠨᠡᠶᠢᠲᠡᠯᠡᠭᠰᠡᠨ ᠴᠠᠭ᠄
2024/2/6
   ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ 2 ᠰᠠᠷ᠎ᠠ ᠶᠢᠨ 4᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠤᠳᠤᠷᠢᠳᠤᠯᠭ᠎ᠠ ᠢᠦᠢ ᠱᠦᠢ ᠮᠢᠩ ᠠᠵᠢᠯ ᠠᠴᠠ ᠪᠠᠨ  ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠵᠥᠩᠨᠡᠯ ᠪᠠ ᠮᠡᠨᠳᠦᠴᠢᠯᠡᠯ ᠳᠡᠪᠰᠢᠭᠦᠯᠪᠡ᠃    ᠠᠵᠢᠯ ᠠᠴᠠ ᠪᠠᠨ ᠠᠮᠠᠷᠠᠭᠰᠠᠨ ᠺᠠᠳ᠋ᠷ ᠹᠦ᠋ ᠸᠧᠨ ᠶᠣᠣ᠂ ᠶᠠᠩ ᠶᠢᠦ ᠱᠧᠩ ᠤᠨ ᠭᠡᠷ ᠲᠤ᠂ ᠵᠧᠩ ᠳ᠋ᠦᠩ ᠫᠢᠩ ᠨᠡᠷ ᠠᠬᠠᠮᠠᠳ ᠺᠠᠳ᠋ᠷᠴᠤᠳ ᠲᠠᠢ ᠡᠪᠦᠳᠦᠭ ᠨᠤᠭᠤᠯᠤᠨ ᠶᠠᠷᠢᠯᠴᠠᠵᠤ᠂ ᠲᠡᠭᠦᠨ ᠤ ᠠᠮᠢᠳᠤᠷᠠᠯ᠂ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠭᠰᠠᠨ ᠪᠥᠭᠡᠳ ᠠᠬᠠᠮᠠᠳ ᠺᠠᠳ᠋ᠷᠴᠤᠳ ᠲᠤ ᠪᠡᠶ᠎ᠡ ᠪᠠᠨ ᠭᠠᠮᠨᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠢᠯᠡᠭᠦᠬᠡᠨ ᠳᠤᠷᠠᠳᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠠᠬᠠᠮᠠᠳ ᠤᠳᠤᠷᠢᠳᠤᠯᠭ᠎ᠠ ᠶᠢᠨ ᠠᠮᠢᠳᠤᠷᠠᠯ ᠢ ᠰᠡᠳᠬᠢᠯ ᠲᠠᠯᠪᠢᠨ ᠰᠠᠶᠢᠲᠤᠷ ᠬᠠᠷᠠᠭᠠᠯᠵᠠᠵᠤ᠂ ᠲᠡᠳᠡᠨ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠬᠠᠮᠠᠳ ᠺᠠᠳ᠋ᠷ᠂ ᠠᠬᠠᠮᠠᠳ ᠨᠥᠬᠦᠳ ᠲᠤ ᠥᠲᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠬᠦ ᠶᠢ ᠨᠢ ᠪᠠᠲᠤᠯᠠᠬᠤ ᠬᠡᠷᠡᠭᠲᠡᠢ ᠭᠡᠵᠦ ᠵᠠᠬᠢᠪᠠ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2