ᠮᠠᠨ ᠤ ᠰᠢᠶᠠᠨ ︽ᠴᠠᠭᠠᠨ ᠰᠠᠷ᠎ᠠ ᠶᠢ ᠪᠠᠶᠠᠷᠯᠠᠨ ᠤᠭᠲᠤᠵᠤ ᠰᠠᠶᠢᠨ ᠳᠤᠷ᠎ᠠ ᠶᠢᠨ ᠤᠶᠢᠯᠡᠴᠢᠯᠡᠭᠡ ᠬᠠᠬᠢᠷ ᠡᠪᠦᠯ ᠢ ᠳᠤᠯᠠᠭᠠᠴᠠᠭᠤᠯᠬᠤ︾ ᠭᠤᠤᠯ ᠰᠡᠳᠦᠪᠲᠦ ᠪᠣᠯᠪᠠᠰᠤᠨ ᠤ  ᠤᠶᠢᠯᠡᠳᠤᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/6
 ᠴᠠᠭᠠᠨ ᠰᠠᠷ᠎ᠠ ᠣᠶᠢᠷᠠᠳᠴᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ ᠰᠢᠯᠢᠳᠡᠭ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠰᠠᠶᠢᠨ ᠳᠤᠷ᠎ᠠ ᠶᠢᠨ  ᠤᠶᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠲᠥᠯᠥᠭᠡ᠂ 2 ᠰᠠᠷ᠎ᠠ ᠶᠢᠨ 2 ᠤᠨ ᠡᠳᠦᠷ᠂ ᠰᠢᠶᠠᠨ ᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠶᠡᠷᠦᠩᠬᠡᠶ ᠠᠩᠭᠢ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ  ᠶᠢᠨ ᠦᠶ᠋ᠯᠡᠴᠢᠯᠡᠭᠡᠨ ᠤ ᠲᠥᠪ᠂ ᠱᠧᠩ ᠯᠢ ᠲᠣᠰᠬᠤᠨ ᠤ ᠤᠶᠢᠯᠡᠳᠤᠯᠭᠡ  ᠶᠢᠨ ᠥᠷᠲᠡᠭᠡ᠂ ᠣᠶᠤᠨ ᠰᠠᠨᠠᠭᠠᠨ ᠤ ᠥᠷᠲᠡᠭᠡᠨ ᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠩᠭᠢ ᠬᠠᠮᠲᠤᠷᠠᠨ ᠮᠠᠶᠢᠬᠠᠨᠳᠤ ᠪᠠᠯᠭᠠᠰᠤᠨ ᠤ ᠢᠯᠠᠯᠲᠠ ᠤᠯᠬᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠬᠠᠮᠲᠤᠷᠠᠨ ︽ᠴᠠᠭᠠᠨ ᠰᠠᠷ᠎ᠠ ᠶᠢ ᠪᠠᠶᠠᠷᠯᠠᠨ ᠤᠭᠲᠤᠵᠤ᠂ ᠰᠠᠶᠢᠨ ᠳᠤᠷ᠎ᠠ ᠶᠢᠨ ᠤᠶᠢᠯᠡᠴᠢᠯᠡᠭᠡ ᠪᠠᠷ ᠬᠠᠬᠢᠷ ᠡᠪᠦᠯ ᠢ ᠳᠤᠯᠠᠭᠠᠴᠠᠭᠤᠯᠬᠤ︾ ᠭᠤᠤᠯ ᠰᠡᠳᠦᠪᠲᠦ ᠪᠣᠯᠪᠠᠰᠤᠨ ᠤ ᠤᠶᠢᠯᠡᠳᠤᠯᠭᠡ ᠶᠢᠨ ᠠᠵᠢᠯᠯᠠᠭ᠎ᠠ ᠥᠷᠨᠢᠭᠦᠯᠪᠡ᠃
       ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ ᠵᠢᠴᠢ ᠲᠤᠯᠭᠠᠷᠠᠭᠰᠠᠨ ᠬᠦᠴᠢᠷ ᠠᠰᠠᠭᠤᠳᠠᠯ ᠢ ᠯᠠᠪᠯᠠᠨ ᠠᠰᠠᠭᠤᠵᠤ᠂ ᠨᠠᠰᠤᠲᠠᠶᠢᠴᠤᠳ ᠤᠨ ᠠᠯᠪᠠᠨ ᠵᠢᠷᠤᠮ ᠤᠨ ᠡᠮᠴᠢᠯᠡᠭᠡ ᠬᠢᠬᠦ᠂ ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠬᠦ᠂ ︽ᠪᠤᠶᠠᠨ︾ ᠭᠡᠬᠦ ᠦᠰᠦᠭ ᠨᠠᠭᠠᠵᠤ᠂ ᠨᠠᠰᠤᠲᠠᠶᠢᠴᠤᠳ ᠲᠤ ᠭᠦᠨ ᠵᠤᠵᠠᠭᠠᠨ ᠬᠠᠶᠢᠷ᠎ᠠ ᠬᠠᠯᠠᠮᠵᠢ ᠪᠠ ᠴᠢᠩ ᠰᠡᠳᠬᠢᠯ ᠤᠨ ᠵᠥᠩᠨᠡᠯ ᠢ ᠮᠡᠳᠡᠷᠡᠭᠦᠯᠪᠡ᠃    ᠬᠠᠬᠢᠷ ᠬᠦᠢᠳᠡᠨ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠴᠢᠩ ᠰᠡᠳᠬᠢᠯ ᠤᠨ ᠬᠠᠶᠢᠷ᠎ᠠ ᠬᠠᠯᠠᠮᠵᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ ᠬᠠᠯᠠᠭᠤᠨ ᠳᠣᠲᠣᠨᠣ ᠮᠡᠨᠳᠦᠴᠢᠯᠡᠯ ᠨᠢ᠂ ᠨᠠᠰᠤᠲᠠᠨ ᠳᠤ ᠨᠢᠭᠡ ᠬᠤᠪᠢ ᠳᠦᠭᠦᠷᠡᠩ ᠳᠣᠭᠳᠤᠯᠤᠯ ᠪᠠ ᠵᠣᠯ ᠵᠢᠷᠭᠠᠯ ᠠᠪᠴᠢᠷᠠᠵᠤ ᠥᠭᠴᠡᠢ᠃ ᠵᠢᠵᠢᠭ ᠰᠠᠵᠢᠭ ᠠᠵᠢᠯᠯᠠᠭ᠎ᠠ ᠳᠤ᠂ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠬᠠᠶᠢᠷ᠎ᠠ ᠬᠠᠯᠠᠮᠵᠢ ᠶᠢᠨ ᠰᠡᠳᠬᠢᠯᠭᠡ ᠶᠢ ᠨᠠᠰᠤᠲᠠᠶᠢᠴᠤᠳ ᠨᠢᠭᠡᠪᠦᠷᠢ ᠶᠢᠨ ᠰᠡᠳᠬᠢᠯ ᠳᠤ ᠦᠨᠡᠨ ᠪᠣᠳᠠᠲᠠᠢ ᠳᠠᠮᠵᠢᠭᠤᠯᠵᠤ᠂ ᠰᠠᠶᠢᠨ ᠰᠠᠶᠢᠬᠠᠨ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ︾ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2