ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ 2 ᠰᠠᠷ᠎ᠠ ᠶᠢᠨ 4 ᠤ ᠡᠳᠦᠷ᠂ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠤᠳᠤᠷᠢᠳᠤᠯᠭ᠎ᠠ ᠢᠦᠢ | ᠱᠦᠢ ᠮᠢᠩ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ | ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠴᠠᠭᠠᠨ | ᠰᠠᠷ᠎ᠠ ᠶᠢᠨ ᠵᠥᠩᠨᠡᠯ ᠪᠠ ᠮᠡᠨᠳᠦᠴᠢᠯᠡᠯ ᠳᠡᠪᠰᠢᠭᠦᠯᠪᠡ᠃ | ᠠᠵᠢᠯ ᠠᠴᠠ ᠪᠠᠨ ᠠᠮᠠᠷᠠᠭᠰᠠᠨ ᠺᠠᠳ᠋ᠷ ᠹᠦ᠋ ᠸᠧᠨ ᠶᠣᠣ᠂ ᠶᠠᠩ ᠶᠢᠦ ᠱᠧᠩ ᠤᠨ ᠭᠡᠷ ᠲᠤ᠂ ᠵᠧᠩ ᠳ᠋ᠦᠩ ᠫᠢᠩ | ᠨᠡᠷ ᠠᠬᠠᠮᠠᠳ ᠺᠠᠳ᠋ᠷᠴᠤᠳ ᠲᠠᠢ ᠡᠪᠦᠳᠦᠭ ᠨᠤᠭᠤᠯᠤᠨ ᠶᠠᠷᠢᠯᠴᠠᠵᠤ᠂ ᠲᠡᠭᠦᠨ ᠤ ᠠᠮᠢᠳᠤᠷᠠᠯ᠂ ᠡᠷᠡᠭᠦᠯ ᠮᠡᠨᠳᠦ ᠶᠢᠨ | ᠪᠠᠶᠢᠳᠠᠯ ᠢ ᠬᠠᠯᠠᠮᠵᠢᠯᠠᠨ ᠠᠰᠠᠭᠤᠭᠰᠠᠨ ᠪᠥᠭᠡᠳ ᠠᠬᠠᠮᠠᠳ ᠺᠠᠳ᠋ᠷᠴᠤᠳ ᠲᠤ ᠪᠡᠶ᠎ᠡ ᠪᠠᠨ ᠭᠠᠮᠨᠠᠵᠤ᠂ | ᠥᠩᠭᠡᠷᠡᠭᠰᠡᠨ ᠲᠠᠢ ᠪᠠᠨ ᠠᠳᠠᠯᠢ ᠪᠠᠷ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ | ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠰᠠᠨᠠᠯ | ᠰᠠᠨᠠᠭᠤᠯᠭ᠎ᠠ ᠢᠯᠡᠭᠦᠬᠡᠨ ᠳᠤᠷᠠᠳᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠠᠬᠠᠮᠠᠳ ᠤᠳᠤᠷᠢᠳᠤᠯᠭ᠎ᠠ ᠶᠢᠨ ᠠᠮᠢᠳᠤᠷᠠᠯ ᠢ ᠰᠡᠳᠬᠢᠯ ᠲᠠᠯᠪᠢᠨ ᠰᠠᠶᠢᠲᠤᠷ ᠬᠠᠷᠠᠭᠠᠯᠵᠠᠵᠤ᠂ | ᠲᠡᠳᠡᠨ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠬᠠᠮᠠᠳ ᠺᠠᠳ᠋ᠷ᠂ | ᠠᠬᠠᠮᠠᠳ ᠨᠥᠬᠦᠳ ᠲᠤ ᠥᠲᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠬᠦ ᠶᠢ ᠨᠢ ᠪᠠᠲᠤᠯᠠᠬᠤ ᠬᠡᠷᠡᠭᠲᠡᠢ ᠭᠡᠵᠦ | ᠵᠠᠬᠢᠪᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |