ᠲᠠᠷᠢᠶᠠᠯᠠᠩ ᠤᠨ ᠪᠠᠩᠬᠢ ᠶᠢᠨ ᠯᠢᠶᠠᠩᠴᠧᠩ ᠰᠢᠶᠠᠨ ᠤ ᠰᠠᠯᠪᠤᠷᠢ ᠪᠠᠩᠬᠢ ︽ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠥᠮᠦᠵᠢᠯ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/15
   3.15 ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠢᠷᠡᠬᠦᠶ᠎ᠡ ᠬᠦᠷᠴᠦ ᠢᠷᠡᠬᠦ ᠠᠴᠠ ᠡᠮᠦᠨ᠎ᠡ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠠᠶᠤᠯ ᠲᠦᠭᠰᠢᠭᠦᠷᠢ ᠶᠢᠨ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠠᠷᠢᠶᠠᠯᠠᠩ ᠤᠨ ᠪᠠᠩᠬᠢ ᠶᠢᠨ ᠯᠢᠶᠠᠩᠴᠧᠩ ᠰᠢᠶᠠᠨ ᠤ ᠰᠠᠯᠪᠤᠷᠢ ᠪᠠᠩᠬᠢ ᠶᠢᠨ ᠥᠷᠭᠡᠨ ᠣᠯᠠᠨ ᠠᠵᠢᠯᠲᠠᠳ ᠬᠠᠮᠲᠤ ᠪᠠᠷ ᠬᠤᠳᠠᠯᠳᠤᠭᠠᠨ ᠤ ᠲᠣᠭᠤᠷᠢᠭ᠂ ᠨᠡᠶᠢᠭᠡᠮ ᠲᠣᠭᠤᠷᠢᠭ ᠲᠤ ᠬᠦᠷᠴᠦ᠂ ︽ᠮᠥᠩᠭᠦᠨ ᠭᠦᠢᠯᠭᠡᠭᠡᠨ ᠤ ᠤᠰᠠᠳᠤᠯ ᠤᠨ ᠳᠡᠷᠭᠡᠳᠡ ᠡᠷᠬᠡ ᠠᠰᠢᠭ ᠢ ᠪᠠᠲᠤᠯᠠᠵᠤ ᠠᠶᠤᠯ ᠲᠦᠭᠰᠢᠭᠦᠷᠢ ᠶᠢ ᠰᠡᠷᠭᠡᠶᠢᠯᠡᠬᠦ︾ ᠭᠤᠤᠯ ᠰᠡᠳᠦᠪᠲᠦ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
         ᠤᠬᠠᠭᠤᠯᠭ᠎ᠠ ᠶᠢᠨ ᠠᠵᠢᠯᠯᠠᠭ᠎ᠠ ᠨᠢ ᠡᠵᠡᠩᠨᠡᠯᠲᠡ ᠶᠢᠨ ᠲᠣᠤᠷ ᠴᠡᠭ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠥᠷᠭᠡᠨ ᠣᠯᠠᠨ ᠵᠣᠴᠢᠨ ᠡᠷᠦᠬᠡ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠬᠢᠵᠦ᠂ ᠵᠣᠴᠢᠨ ᠡᠷᠦᠬᠡ ᠳᠤ ᠮᠥᠩᠭᠦᠨ ᠭᠦᠢᠯᠭᠡᠭᠡᠨ ᠤ ᠮᠡᠳᠡᠯᠭᠡ ᠲᠠᠶᠢᠯᠪᠤᠷᠢᠯᠠᠬᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠵᠢᠴᠢ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠦ᠂ ᠢᠷᠡᠯᠲᠡ ᠨᠢ ᠲᠣᠳᠣᠷᠬᠠᠶ ᠥᠬᠡᠶ ᠴᠥᠷᠬᠡᠯᠡᠭᠡ ᠶᠢ ᠴᠤᠬᠢᠬᠤ ᠥᠬᠡᠶ᠂ ᠲᠣᠳᠣᠷᠬᠠᠢ ᠥᠬᠡᠶ ᠬᠤᠶᠠᠷ ᠬᠡᠮᠵᠢᠯᠳᠦ ᠺᠣᠳ᠋ ᠢ ᠰᠢᠷᠪᠢᠬᠦ ᠥᠬᠡᠶ᠂ ᠰᠦᠯᠵᠢᠶᠡᠨ ᠥᠷᠲᠡᠭᠡ ᠳᠤ ᠭᠠᠷᠬᠤ ᠥᠬᠡᠶ ᠪᠠᠶᠢᠬᠤ ᠶᠢ ᠬᠦᠯᠢᠴᠡᠩᠭᠦᠶ ᠪᠠᠷ ᠬᠡᠯᠡᠵᠦ ᠥᠭᠬᠦ ᠶᠢᠨ ᠬᠠᠮᠲᠤ᠂ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠢ ᠬᠡᠷᠬᠢᠨ ᠰᠡᠷᠭᠡᠶᠢᠯᠡᠬᠦ᠂ ᠬᠤᠪᠢ ᠬᠥᠮᠦᠨ ᠤ ᠮᠥᠩᠭᠦᠨ ᠭᠦᠢᠯᠭᠡᠭᠡᠨ ᠤ ᠮᠡᠳᠡᠭᠡ ᠵᠠᠩᠭᠢ ᠶᠢ ᠬᠠᠮᠠᠭᠠᠯᠠᠬᠤ ᠵᠢᠴᠢ ᠦᠷᠭᠦᠯᠵᠢ ᠲᠣᠬᠢᠶᠠᠯᠳᠤᠳᠠᠭ ᠮᠡᠬᠡᠯᠡᠯ ᠤᠨ ᠠᠷᠭ᠎ᠠ ᠪᠠᠷᠢᠯ ᠢ ᠬᠡᠷᠬᠢᠨ ᠢᠯᠭᠠᠨ ᠲᠠᠨᠢᠬᠤ ᠵᠡᠷᠭᠡ ᠠᠭᠤᠯᠭ᠎ᠠ ᠶᠢᠨ ᠲᠤᠬᠠᠶ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠵᠦ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠠᠷᠭ᠎ᠠ ᠵᠠᠮ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯ ᠤᠨ ᠴᠢᠬᠤᠯᠠ ᠴᠢᠨᠠᠷ ᠢ ᠢᠯᠡᠷᠡᠭᠦᠯᠵᠦ᠂ ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠬᠡᠪ ᠪᠣᠯᠪᠠᠰᠤᠷᠠᠯ ᠪᠠ ᠣᠶᠢᠯᠠᠭᠠᠭᠳᠠᠬᠤᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
   ᠡᠭᠦᠨ ᠤ ᠬᠠᠮᠲᠤ ᠪᠠᠰᠠ ᠨᠠᠰᠤᠲᠠᠶᠢᠴᠤᠳ᠂ ᠰᠤᠷᠤᠭᠴᠢ᠂ ᠰᠢᠨ᠎ᠡ ᠬᠤᠳᠠ ᠶᠢᠨ ᠠᠷᠠᠳ᠂ ᠭᠡᠷ ᠪᠦᠯᠢ ᠶᠢᠨ ᠡᠵᠡᠭᠲᠡᠢ ᠶᠢᠨ ᠬᠢᠨ ᠵᠡᠷᠭᠡ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠰ ᠤᠨ ᠪᠠᠶᠢᠳᠠᠯ ᠠᠴᠠ ᠪᠤᠯᠵᠤ ᠠᠳᠠᠯᠢ ᠪᠤᠰᠤ ᠬᠡᠯᠪᠡᠷᠢ ᠶᠢᠨ ᠤᠬᠠᠭᠤᠯᠭ᠎ᠠ ᠶᠢ ᠲᠤᠰ ᠲᠤᠰ ᠥᠷᠨᠢᠭᠦᠯᠵᠦ᠂ ᠲᠦᠭᠦᠮ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠲᠡᠳᠡᠨ ᠤ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠬᠡᠷᠡᠭᠯᠡᠭᠴᠢᠳ ᠲᠤ ᠣᠶᠢᠯᠠᠭᠠᠭᠤᠯᠵᠤ᠂ ᠴᠡᠭᠡᠵᠢᠯᠡᠭᠦᠯᠵᠦ᠂ ᠬᠡᠷᠡᠭᠯᠡᠵᠦ ᠳᠡᠶᠢᠯᠬᠦ ᠪᠣᠯᠭᠠᠵᠤ᠂ ᠰᠢᠨ᠎ᠡ ᠬᠤᠳᠠ ᠶᠢᠨ ᠠᠷᠠᠳ ᠢ ᠬᠠᠪᠰᠤᠷᠤᠨ ᠮᠡᠬᠡᠯᠡᠯ ᠢ ᠡᠰᠡᠷᠭᠦᠴᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠤᠳᠠ ᠶᠢᠨ ᠠᠷᠠᠳ ᠤᠨ ᠰᠢᠨ᠎ᠡ ᠵᠣᠭᠤᠰᠣᠨ ᠤᠭᠤᠲᠠ ᠶᠢ ᠰᠠᠶᠢᠲᠤᠷ ᠰᠠᠬᠢᠨ ᠬᠠᠮᠠᠭᠠᠯᠠᠵᠤ᠂ ᠯᠢᠶᠠᠩᠴᠧᠩ ᠰᠠᠯᠪᠤᠷᠢ ᠪᠠᠩᠬᠢ ᠶᠢᠨ ᠦᠨᠡᠨ ᠰᠡᠳᠬᠢᠯ ᠠᠴᠠ ᠪᠠᠨ ᠬᠡᠷᠡᠭᠯᠡᠭᠴᠢᠳ ᠲᠤ ᠦᠢᠯᠡᠴᠢᠯᠡᠬᠦ ᠲᠦᠷᠢ ᠲᠥᠷᠬᠦ ᠪᠣᠯᠤᠨ ᠨᠡᠶᠢᠭᠡᠮ ᠤᠨ ᠬᠠᠷᠢᠭᠤᠴᠠᠯᠭ᠎ᠠ ᠡᠭᠦᠷᠭᠡᠯᠡᠯ ᠢ ᠲᠦᠢᠯ ᠤᠨ ᠶᠡᠭᠡ ᠪᠠᠷ ᠢᠯᠡᠷᠡᠭᠦᠯᠵᠦ᠂ ᠦᠢᠯᠡᠴᠢᠯᠡᠭᠡᠨ ᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠶ᠎ᠡ ᠵᠣᠬᠢᠴᠠᠩᠭᠤᠢ ᠡᠷᠡᠭᠦᠯ ᠰᠠᠷᠠᠭᠤᠯ ᠮᠥᠩᠭᠦᠨ ᠭᠦᠢᠯᠭᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠲᠠᠷᠢᠶᠠᠯᠠᠩ ᠤᠨ ᠪᠠᠩᠬᠢ ᠶᠢᠨ ᠬᠦᠴᠦᠨ ᠴᠢᠳᠠᠯ ᠢᠶᠠᠨ ᠡᠷᠭᠦᠪᠡ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2