3 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ | ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ ᠲᠥᠪᠯᠡᠷᠡᠭᠦᠯᠦᠨ ᠰᠤᠷᠤᠯᠴᠠᠵᠤ᠂ ︽ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠢ ᠤᠯᠠᠮᠵᠢᠯᠠᠵᠤ᠂ ᠤᠢᠢᠷ᠎ᠠ ᠶᠢᠨ | ᠬᠤᠭᠤᠴᠠᠭᠠᠨ ᠤ 12345 ᠬᠠᠯᠠᠭᠤᠨ ᠤᠲᠠᠰᠤ ᠶᠢ ᠭᠦᠢᠴᠡᠳᠬᠡᠭᠰᠡᠨ ᠪᠠᠶᠢᠳᠠᠯ ᠢ ᠮᠡᠳᠡᠭᠳᠡᠵᠦ᠂ ︽ᠯᠢᠶᠠᠩᠴᠧᠩ | ᠰᠢᠶᠠᠨ ᠤ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ ᠬᠡᠷᠡᠭᠵᠢᠭᠦᠯᠬᠦ ᠨᠠᠷᠢᠨ ᠲᠦᠷᠢᠮ︾ ᠢ ᠬᠢᠨᠠᠨ ᠵᠥᠪᠯᠡᠵᠦ᠂ ︽ᠯᠢᠶᠠᠩᠴᠧᠩ | ᠰᠢᠶᠠᠨ ᠤ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ ᠲᠥᠪ ᠤᠨ | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ︾ ᠢ ᠬᠢᠨᠠᠨ ᠵᠥᠪᠯᠡᠵᠦ᠂ ᠠᠮᠤ ᠪᠤᠳᠠᠭᠠᠨ ᠤ ᠠᠮᠤᠷ ᠲᠦᠪᠰᠢᠨ | ᠪᠣᠯᠤᠨ ᠲᠠᠷᠢᠶᠠᠨ ᠭᠠᠵᠠᠷ ᠢ ᠬᠠᠮᠠᠭᠠᠯᠠᠬᠤ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠠᠰᠠᠭ ᠤᠨ | ᠣᠷᠳᠣᠨ ᠤ ᠰᠢᠶᠠᠨ ᠤ ᠳᠡᠳ᠋ ᠳᠠᠷᠤᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠺᠠᠳ᠋ᠷ ᠠᠵᠢᠯᠲᠠᠨ ᠠᠵᠢᠯᠴᠢᠨ ᠢᠯᠠᠩᠭᠤᠶ᠎ᠠ ᠬᠠᠤᠯᠢ ᠬᠡᠷᠡᠭᠵᠢᠭᠦᠯᠬᠦ | ᠠᠵᠢᠯᠲᠠᠨ ᠢ ᠵᠣᠬᠢᠶᠠᠨ ᠪᠠᠶᠢᠭᠤᠯᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠳᠣᠲᠣᠭᠠᠳᠤ ᠴᠥᠮ᠎ᠡ ᠶᠢᠨ | ᠣᠨᠣᠯᠵᠢᠬᠤᠨ᠂ ᠴᠣ ᠰᠢᠨ᠎ᠡ ᠱᠠᠭᠠᠷᠳᠠᠯᠭ᠎ᠠ ᠪᠣᠯᠤᠨ ᠪᠣᠳᠠᠲᠠᠶ ᠵᠦᠢᠯ ᠵᠤᠷᠪᠤᠰ ᠢ ᠬᠢᠨᠠᠮᠠᠭᠠᠶ ᠰᠤᠷᠤᠯᠴᠠᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠳᠡᠰ ᠳᠠᠷᠠᠭᠠᠯᠠᠯ ᠤᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ | ᠪᠠᠲᠤᠯᠠᠬᠤ ᠬᠡᠷᠡᠭᠲᠡᠶ᠃ ᠬᠠᠤᠯᠢ ᠴᠠᠭᠠᠵᠠ ᠶᠢᠨ ᠲᠣᠪᠴᠢᠶ᠎ᠠ ᠵᠣᠬᠢᠴᠠᠭᠤᠯᠤᠨ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠬᠡᠷᠡᠭ ᠡᠷᠬᠢᠯᠡᠬᠦ ᠳᠡᠰ ᠳᠠᠷᠠᠭᠠᠯᠠᠯ ᠢᠶᠠᠨ ᠲᠣᠳᠣᠷᠬᠠᠶᠢᠯᠠᠨ᠂ ᠬᠦᠯᠢᠶᠡᠨ ᠠᠪᠴᠤ ᠬᠡᠷᠡᠭ ᠪᠣᠯᠭᠠᠨ | ᠳᠠᠩᠰᠠᠯᠠᠬᠤ᠂ ᠰᠢᠯᠭᠠᠯᠲᠠ ᠦᠵᠡᠵᠦ ᠬᠦᠷᠭᠡᠬᠦ᠂ ᠰᠠᠨᠠᠯ ᠰᠣᠨᠣᠰᠬᠤ᠂ ᠭᠡᠷᠡᠴᠢᠯᠡᠭᠡ ᠰᠣᠨᠣᠰᠴᠤ ᠰᠢᠭᠦᠬᠦ᠂ ᠰᠠᠨᠠᠯ | ᠵᠥᠪᠯᠡᠯᠭᠡ ᠲᠥᠪᠯᠡᠷᠡᠭᠦᠯᠬᠦ ᠵᠡᠷᠭᠡ ᠪᠣᠳᠠᠲᠠᠶ ᠠᠭᠤᠯᠭ᠎ᠠ ᠶᠢᠨ ᠲᠣᠭᠤᠷᠢᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ | ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠡᠩᠨᠡᠭᠡᠨ ᠤ | ᠤᠯᠤᠰ ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠬᠠᠶᠢᠵᠢᠭᠰᠠᠨ ᠬᠢᠷᠢ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ | ᠮᠥᠴᠢᠷ ᠤᠨ ᠬᠢᠨ ᠡᠯ᠎ᠡ ᠵᠦᠢᠯ ᠤᠨ ᠬᠠᠲᠠᠭᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ | ᠦᠨᠡᠨ ᠪᠣᠳᠠᠲᠠᠶ ᠪᠠᠷ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠮᠤᠷ ᠲᠦᠪᠰᠢᠨ ᠤ ᠠᠯᠳᠠᠰᠢ ᠭᠠᠷᠬᠤ ᠶᠢ | ᠡᠷᠡᠰ ᠬᠤᠷᠢᠭᠯᠠᠵᠤ᠂ ᠠᠳᠡᠯ ᠤᠨ ᠳᠠᠯᠳᠠ ᠬᠡᠮ ᠢ ᠠᠷᠢᠯᠭᠠᠬᠤ ᠬᠡᠷᠡᠭᠲᠡᠶ᠃ ᠠᠮᠤ ᠪᠤᠳᠠᠭᠠᠨ ᠤ ᠠᠮᠤᠷ ᠲᠦᠪᠰᠢᠨ ᠪᠠ | ᠲᠠᠷᠢᠶᠠᠨ ᠭᠠᠵᠠᠷ ᠢ ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ | ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠵᠤ᠂ ᠲᠠᠷᠢᠶᠠᠨ ᠭᠠᠵᠠᠷ ᠢ ︽ | ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠬᠦ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠦᠷ᠎ᠡ᠂ ᠲᠠᠷᠢᠶᠠᠨ | ᠡᠮ᠂ ᠬᠢᠮᠢ ᠶᠢᠨ ᠪᠤᠷᠳᠤᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠭᠦᠢᠴᠡᠳ᠂ | ᠪᠠᠷᠠᠭᠠᠨ ᠤ ᠦᠨ᠎ᠡ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠲᠠᠷᠢᠶᠠᠨ ᠭᠠᠵᠠᠷ ᠢ ︽ | ᠠᠲᠠᠷᠰᠢᠭᠤᠯᠬᠤ︾ ᠶᠢ ᠴᠡᠭᠴᠡᠯᠡᠨ ᠵᠠᠰᠠᠬᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ | ᠰᠠᠶᠢᠵᠢᠷᠠᠭᠤᠯᠬᠤ ᠪᠠ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ | ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |