ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠬᠤᠶᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/18
    3 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠪᠣᠯᠤᠨ ᠳᠡᠳ᠋ ᠶᠡᠷᠦᠩᠬᠡᠢ ᠰᠠᠶᠢᠳ ᠯᠢᠦ ᠭᠦᠸᠧ ᠵᠦᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠰᠠᠨᠠᠯ︾ ᠪᠣᠯᠤᠨ ᠶᠡᠷᠦᠩᠬᠡᠢ ᠰᠠᠶᠢᠳ ᠯᠢ ᠴᠢᠶᠠᠩ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠤᠳᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠳᠡᠭᠡᠷᠡᠬᠢ ᠶᠠᠷᠢᠶ᠎ᠠ ᠵᠡᠷᠭᠡ ᠶᠢ ᠤᠯᠠᠮᠵᠢᠯᠠᠨ ᠰᠤᠷᠤᠯᠴᠠᠭᠰᠠᠨ ᠪᠥᠭᠡᠳ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠪᠡ᠃    ᠬᠤᠷᠠᠯ ᠠᠴᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠦᠨᠡᠨᠬᠦ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ︽ᠭᠠᠵᠠᠷ᠂ ᠤᠰᠤ᠂ ᠲᠠᠷᠢᠮᠠᠯ᠂ ᠠᠮᠤ ᠪᠤᠳᠠᠭ᠎ᠠ᠂ ᠮᠢᠬ᠎ᠠ᠂ ᠰᠦ︾ ᠲᠠᠢ ᠨᠢᠭᠲᠠ ᠤᠶᠠᠯᠳᠤᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ ᠲᠦᠪᠰᠢᠨ ᠢ ᠶᠡᠬᠡᠪᠡᠷ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ︽ᠮᠢᠩᠭᠠᠨ ᠲᠦᠮᠡᠨ ᠢᠨᠵᠧᠨᠧᠷᠢᠩ︾ ᠢ ᠮᠠᠨ ᠤ ᠰᠢᠶᠠᠨ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠠᠷᠪᠢᠯᠠᠨ ᠭᠠᠮᠨᠠᠬᠤ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠢᠵᠠᠭᠠᠷ ᠲᠠᠢ ᠪᠡᠯᠡ ᠮᠥᠩᠭᠦ ᠶᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠡᠭᠡᠷ᠎ᠡ ᠦᠨᠡᠨ ᠬᠦ ᠬᠡᠷᠡᠭᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠤ ᠲᠤᠬᠢᠷᠠᠭᠤᠯᠤᠯᠳᠠ ᠪᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠠᠭᠤᠯᠭ᠎ᠠ ᠶᠢ ᠥᠪᠡᠷ ᠢᠶᠠᠨ ᠰᠤᠷᠤᠯᠴᠠᠪᠠ᠃                                 ᠨᠠᠶᠢᠷᠠᠭᠤᠯᠤᠭᠴᠢ᠄   ᠶᠠᠩ  ᠿᠦᠢ ᠵᠧᠨ                                 ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2