ᠯᠢᠦ ᠶᠢᠨ ᠲᠤᠤ ᠭᠤᠣᠯᠳᠠᠯᠭ᠎ᠠ ᠲᠠᠢ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠵᠢᠩ ᠨᠧᠩ ᠴᠠᠬᠢᠯᠭᠠᠨ ᠬᠦᠴᠦᠨ ᠤ ᠤᠯᠠᠭᠠᠨᠴᠠᠪ ᠤᠨ ᠬᠤᠪᠢᠶᠠᠷᠢ ᠺᠣᠮᠫᠠᠨᠢ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠸᠠᠩ ᠵᠢᠶᠦ᠋ᠨ ᠶᠦᠩ᠂ ᠵᠢᠶᠠ ᠢᠦᠢ ᠹᠸᠢ᠂ ᠴᠧᠨ ᠰᠢᠶᠤᠤ ᠹᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠯᠢᠦ ᠶᠢᠨ ᠲᠤᠤ ᠨᠠᠷ ᠲᠦᠷᠦᠯ ᠵᠦᠢᠯ ᠤᠨ ᠨᠢᠭᠡᠴᠡ ᠶᠢᠨ ᠬᠠᠷᠢᠭᠤᠴᠠᠯᠭᠠᠲᠠᠨ ᠲᠠᠢ ᠲᠦᠷᠦᠯ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢᠨ ᠪᠠᠶᠢᠳᠠᠯ ᠵᠢᠴᠢ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠵᠡᠷᠭᠡ ᠶᠢ ᠭᠦᠨᠵᠡᠭᠡᠢ ᠤᠢᠢᠯᠠᠭᠠᠭᠰᠠᠨ ᠪᠥᠭᠡᠳ ᠲᠤᠬᠠᠢ ᠶᠢᠨ ᠲᠠᠯᠠᠪᠠᠢ ᠳᠤ ᠠᠰᠠᠭᠤᠳᠠᠯ ᠤᠨ ᠵᠠᠩᠭᠢᠯᠠᠭ᠎ᠠ ᠶᠢ ᠡᠮᠬᠢᠯᠡᠵᠦ᠂ ᠰᠡᠳᠬᠢᠴᠡ ᠶᠢ ᠨᠢᠭᠡᠳ ᠨᠢᠭᠡ ᠪᠠᠷ ᠵᠠᠳᠠᠯᠤᠨ ᠰᠤᠳᠤᠯᠵᠤ ᠰᠢᠢᠳᠪᠦᠷᠢᠯᠡᠪᠡ᠃    ᠯᠢᠦ ᠶᠢᠨ ᠲᠤᠤ ᠢᠯᠡᠷᠬᠡᠶᠢᠯᠡᠬᠦ ᠳᠡᠭᠡᠨ᠂ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠪᠠᠲᠤ ᠡᠵᠡᠮᠳᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠠᠩᠭᠢᠯᠠᠭ᠎ᠠ ᠶᠢᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ ᠭᠡᠪᠡ︔ ᠠᠵᠤ ᠠᠬᠤᠶᠢᠯᠠᠯ ᠤᠨ ᠬᠢᠨ ᠨᠡᠩ ᠥᠨᠳᠥᠷ ᠬᠠᠷᠢᠭᠤᠴᠠᠯᠭᠠᠲᠤ ᠰᠡᠳᠬᠢᠯᠭᠡ ᠪᠠᠷ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠶᠢ ᠰᠠᠶᠢᠲᠤᠷ ᠡᠵᠡᠮᠳᠡᠵᠦ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠡᠳᠦᠷ ᠲᠤᠳᠤᠮ ᠤᠨ ᠲᠤᠬᠢᠷᠠᠭᠤᠯᠤᠯᠳᠠ ᠶᠢ ᠰᠠᠶᠢᠲᠤᠷ ᠬᠢᠵᠦ᠂ ᠪᠠᠷᠢᠯᠭ᠎ᠠ ᠶᠢᠨ ᠠᠮᠤᠷ ᠲᠦᠪᠰᠢᠨ᠂ ᠠᠵᠢᠯ ᠢᠶᠠᠨ ᠰᠡᠷᠭᠦᠭᠡᠬᠦ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ  ᠭᠡᠪᠡ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2