ᠣᠶᠢᠷ᠎ᠠ ᠶᠢᠨ ᠵᠢᠯ ᠠᠴᠠ ᠨᠠᠭᠠᠰᠢ᠂ ᠯᠢᠶᠠᠩᠴᠧᠩ ᠰᠢᠶᠠᠨ ᠤ ᠲᠠᠭ᠎ᠠ ᠶᠢᠨ ᠨᠠᠭᠤᠷ ᠪᠠᠯᠭᠠᠰᠤ ᠨᠠᠮ ᠤᠨ | ᠪᠠᠶᠢᠭᠤᠯᠤᠯᠲᠠ ᠪᠠᠷ ᠬᠥᠲᠥᠯᠥᠨ ᠵᠢᠯᠣᠭᠤᠳᠬᠤ ᠶᠢ ᠢᠮᠠᠭᠲᠠ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ︽ | ᠬᠠᠮᠠᠭᠠᠯᠠᠬᠤ︾ ᠪᠠ ︽ᠬᠥᠭᠵᠢᠭᠦᠯᠬᠦ︾ ᠶᠢ ᠣᠷᠭᠠᠨᠢᠭ ᠢᠶᠠᠷ ᠤᠶᠠᠯᠳᠤᠭᠤᠯᠵᠤ᠂ ︽ᠣᠶ ᠰᠢᠭᠤᠶ ᠶᠢᠨ ᠣᠷᠳᠣ | ᠬᠤᠭᠤᠴᠠᠭᠠᠨ ᠤ ᠲᠦᠷᠢᠮ ᠢ ᠪᠣᠳᠠᠲᠠᠶᠢᠵᠢᠭᠤᠯᠵᠤ᠂ ᠣᠶ ᠰᠢᠭᠤᠶ ᠶᠢᠨ ᠣᠷᠳᠣ ᠬᠤᠭᠤᠴᠠᠭᠠᠨ ᠤ ᠵᠠᠰᠠᠯᠲᠠ ᠶᠢ | ᠪᠡᠶᠡᠯᠡᠭᠦᠯᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ | ᠵᠠᠮᠨᠠᠵᠤ᠂ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠶ ᠰᠢᠭᠤᠶ ᠶᠢ | ᠬᠠᠮᠠᠭᠠᠯᠠᠬᠤ ᠳᠤ ᠬᠠᠷᠢᠭᠤᠴᠠᠯᠭ᠎ᠠ ᠲᠠᠢ᠂ ᠣᠶ ᠰᠢᠭᠤᠶ ᠶᠢ ᠬᠠᠮᠠᠭᠠᠯᠠᠬᠤ ᠳᠤ ᠬᠠᠷᠢᠭᠤᠴᠠᠯᠭ᠎ᠠ ᠲᠠᠢ᠂ ᠣᠶ ᠰᠢᠭᠤᠶ ᠶᠢ | ᠬᠠᠮᠠᠭᠠᠯᠠᠬᠤ ᠳᠤ ᠬᠠᠷᠢᠭᠤᠴᠠᠯᠭ᠎ᠠ ᠲᠠᠢ᠂ ᠣᠶ ᠰᠢᠭᠤᠶ ᠶᠢ ᠬᠠᠮᠠᠭᠠᠯᠠᠬᠤ ᠳᠤ ᠬᠠᠷᠢᠭᠤᠴᠠᠯᠭ᠎ᠠ ᠪᠠᠨ ᠭᠦᠶ᠋ᠴᠡᠳᠬᠡᠵᠦ᠂ | ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠰᠠᠬᠢᠬᠤ | ᠬᠡᠷᠡᠭᠲᠡᠶ᠃ | ᠲᠠᠭ᠎ᠠ ᠶᠢᠨ ᠨᠠᠭᠤᠷ ᠪᠠᠯᠭᠠᠰᠤ ᠨᠢ ᠤᠯᠠᠭᠠᠨᠴᠠᠪ ᠬᠤᠲᠠ ᠶᠢᠨ ᠡᠮᠦᠨ᠎ᠡ ᠬᠡᠰᠡᠭ᠂ ᠯᠢᠶᠠᠩᠴᠧᠩ ᠰᠢᠶᠠᠨ ᠤ | ᠬᠤᠲᠠ ᠶᠢᠨ ᠵᠡᠭᠦᠨ ᠲᠠᠯ᠎ᠠ ᠳᠤ ᠪᠠᠶᠢᠷᠢᠯᠠᠵᠤ᠂ ᠭᠠᠵᠠᠷ ᠰᠢᠷᠣᠶ ᠶᠢᠨ ᠲᠠᠯᠠᠪᠠᠶ ᠨᠢ 166.59 ᠲᠡᠭᠰᠢ ᠳᠥᠷᠪᠡᠯᠵᠢᠨ | ᠺᠢᠯᠣᠮᠧᠲᠷ ᠪᠠᠶᠢᠵᠤ᠂ ᠣᠲᠣ 7.22 ᠲᠦᠮᠡᠨ ᠮᠥ ᠣᠶᠢᠲᠤ ᠭᠠᠵᠠᠷ᠂ 8.1 ᠲᠦᠮᠡᠨ ᠮᠥ ᠡᠪᠡᠰᠦᠲᠦ ᠭᠠᠵᠠᠷ | ᠪᠠᠶᠢᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ 45% ᠪᠠᠶᠢᠵᠤ᠂ ᠠᠭᠤᠷ ᠠᠮᠢᠰᠬᠤᠯ ᠨᠢ ᠳᠤᠮᠳᠠ | ᠰᠡᠷᠢᠭᠦᠨ ᠪᠦᠰᠡ ᠶᠢᠨ ᠬᠠᠭᠠᠰ ᠭᠠᠩ ᠬᠠᠭᠤᠷᠠᠶ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ | ᠬᠠᠷᠢᠶᠠᠯᠠᠭᠳᠠᠵᠤ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 8℃ ᠪᠠᠶᠢᠵᠤ᠂ ᠭᠠᠵᠠᠷ ᠤᠨ ᠪᠠᠶᠢᠴᠠ ᠶᠢᠨ | ᠶᠡᠷᠦᠩᠬᠡᠶ ᠣᠨᠴᠠᠯᠢᠭ ᠨᠢ ᠤᠮᠠᠷᠠᠲᠤ ᠠᠭᠤᠯᠠ ᠶᠢᠨ ᠡᠮᠦᠨ᠎ᠡ ᠲᠠᠩ ᠪᠠᠶᠢᠵᠤ᠂ ᠪᠥᠬᠦ ᠪᠠᠯᠭᠠᠰᠤ ᠶᠢᠨ ᠳᠤᠮᠳᠠᠴᠢ | ᠲᠡᠯᠡᠶ ᠶᠢᠨ ᠲᠦᠪᠰᠢᠨ ᠠᠴᠠ 1731.5 ᠮᠧᠲᠷ ᠡᠷᠭᠦᠭᠳᠡᠵᠦ᠂ ᠰᠠᠪᠠ ᠭᠠᠵᠠᠷ ᠤᠨ ᠲᠠᠯᠠᠪᠠᠶ ᠨᠢ 87.51 | ᠾᠧᠺᠲ᠋ᠠᠷ ᠪᠠᠶᠢᠵᠤ᠂ ︽ᠤᠮᠠᠷᠠᠲᠤ ᠠᠭᠤᠯᠠ ᠶᠢᠨ ᠡᠮᠦᠨ᠎ᠡ ᠲᠠᠩ ᠶᠢᠰᠦᠨ ᠭᠤᠤᠯ ᠤᠨ ᠵᠠᠮ︾ ᠭᠡᠰᠡᠨ | ᠨᠡᠷᠡᠶᠢᠳᠦᠯ ᠲᠠᠢ ᠪᠠᠶᠢᠳᠠᠭ᠃ ᠪᠠᠯᠭᠠᠰᠤᠨ ᠤ ᠬᠡᠪᠴᠢᠶᠡᠨ ᠤ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ᠂ | ᠥᠩᠭᠡ ᠦᠵᠡᠮᠵᠢ ᠭᠤᠶᠣ ᠰᠠᠶᠢᠬᠠᠨ ᠪᠠᠶᠢᠵᠤ᠂ ᠮᠥᠰᠥ ᠴᠠᠰᠤᠨ ᠤ ᠬᠠᠯᠠᠭᠤᠨ ᠷᠠᠰᠢᠶᠠᠨ ᠤ ᠭᠤᠤᠯ ᠣᠷᠣᠨ ᠪᠣᠯᠵᠣ᠂ | ᠤᠷᠢᠳ ᠬᠤᠵᠢᠳ ︽ᠤᠯᠤᠰ ᠤᠨ ᠲᠠᠰ ᠤᠨ ᠤᠨᠴᠠᠯᠢᠭᠳᠤ ᠵᠢᠵᠢᠭ ᠪᠠᠯᠭᠠᠰᠤ︾ ︽ᠤᠯᠤᠰ ᠤᠨ ᠡᠷᠡᠭᠦᠯ | ᠬᠠᠮᠠᠭᠠᠯᠠᠯ ᠤᠨ ᠰᠢᠶᠠᠩ ᠪᠠᠯᠭᠠᠰᠤ︾ ︽ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠶᠠᠩ ᠪᠠᠯᠭᠠᠰᠤ︾ | ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ ᠃ | ᠲᠠᠭ᠎ᠠ ᠶᠢᠨ ᠨᠠᠭᠤᠷ ᠪᠠᠯᠭᠠᠰᠤ ᠶᠢᠨ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠢ | ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠳᠠᠬᠢ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠨᠠᠮ ᠤᠨ ᠬᠤᠷᠢᠶ᠎ᠠ | ᠨᠢᠭᠡᠳᠦᠯᠲᠡᠢ ᠲᠥᠯᠥᠪᠵᠢᠭᠦᠯᠬᠦ᠂ ᠨᠠᠮ ᠤᠨ ᠭᠡᠰᠢᠭᠦᠨ ᠨᠢᠭᠡᠳᠦᠯᠲᠡᠢ ᠲᠥᠯᠥᠪᠵᠢᠭᠦᠯᠬᠦ᠂ ᠨᠠᠮ ᠤᠨ ᠭᠡᠰᠢᠭᠦᠨ ᠪᠦᠬᠦᠨ ᠢ | ᠳᠠᠭᠠᠭᠠᠴᠢᠯᠠᠬᠤ︾ ᠳᠡᠭᠡᠷ᠎ᠡ ᠳᠣᠣᠷ᠎ᠠ ᠱᠠᠳᠤ ᠶᠢ ᠨᠡᠪᠲᠡᠷᠡᠭᠦᠯᠬᠦ᠂ ᠬᠥᠨᠳᠡᠯᠡᠨ ᠢᠶᠠᠷ ᠪᠦᠷᠬᠦᠬᠦᠯᠬᠦ ᠬᠠᠷᠢᠭᠤᠴᠠᠯᠭ᠎ᠠ ᠶᠢᠨ | ᠰᠢᠰᠲ᠋ᠧᠮ ᠢ ᠪᠠᠶᠢᠭᠤᠯᠵᠤ᠂ ︽ᠬᠤᠶᠠᠷ ᠱᠠᠲᠤᠨ ᠤ ᠤᠢ ᠰᠢᠭᠤᠢ ᠶᠢᠨ ᠳᠠᠷᠤᠭ᠎ᠠ + ᠲᠣᠣᠷ ᠤᠨ ᠤᠢ ᠬᠠᠮᠠᠭᠠᠯᠠᠭᠴᠢ︾ | ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ︽ᠨᠢᠭᠡ | ᠬᠥᠯᠭᠡ ᠰᠢᠳᠠᠷ᠎ᠠ︾ ᠶᠢᠨ ᠠᠵᠢᠯ ᠤᠨ ᠪᠠᠶᠢᠷᠢᠰᠢᠯ ᠢ ᠪᠠᠶᠢᠭᠤᠯᠪᠠ᠃ ︽ᠲᠠᠭ᠎ᠠ ᠶᠢᠨ ᠨᠠᠭᠤᠷ ᠪᠠᠯᠭᠠᠰᠤ ᠶᠢᠨ ︿ᠣᠶ | ᠰᠢᠭᠤᠶ ᠶᠢᠨ ᠳᠠᠷᠤᠭ᠎ᠠ ᠶᠢᠨ ᠲᠦᠷᠢᠮ﹀ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠵᠢᠭᠦᠯᠬᠦ ᠲᠥᠰᠦᠯ︾ ᠵᠡᠷᠭᠡ | ᠠᠵᠢᠯ ᠤᠨ ᠲᠦᠷᠢᠮ ᠤᠨ ᠶᠣᠰᠣᠭᠠᠷ᠂ ᠪᠥᠬᠦ ᠪᠠᠯᠭᠠᠰᠤ ᠪᠠᠷ ᠢᠶᠠᠨ ᠡᠯ᠎ᠡ ᠲᠣᠰᠬᠤᠨ ᠤ ᠠᠵᠢᠯ ᠤᠨ ᠪᠣᠳᠠᠲᠠᠶ ᠪᠠᠶᠢᠳᠠᠯ᠂ | ᠬᠠᠮᠢᠶᠠᠷᠴᠤ ᠬᠠᠮᠠᠭᠠᠯᠠᠬᠤ ᠳᠤ ᠬᠦᠴᠢᠷ ᠬᠢᠯᠪᠠᠷ ᠤᠨ ᠬᠡᠮᠵᠢᠶ᠎ᠡ ᠶᠢ ᠦᠨᠳᠦᠰᠦᠯᠡᠨ᠂ ᠪᠠᠯᠭᠠᠰᠤᠨ ᠤ ᠲᠠᠰ ᠤᠨ ᠣᠶ | ᠰᠢᠭᠤᠶ ᠶᠢᠨ ᠳᠠᠷᠤᠭ᠎ᠠ 10 ᠨᠡᠷᠡᠰ᠂ ᠲᠣᠰᠬᠤᠨ ᠤ ᠲᠠᠰ ᠤᠨ ᠣᠶ ᠰᠢᠭᠤᠶ ᠶᠢᠨ ᠳᠠᠷᠤᠭ᠎ᠠ 10 ᠨᠡᠷᠡᠰ᠂ | ᠲᠣᠰᠬᠤᠨ ᠤ ᠲᠠᠰ ᠤᠨ ᠰᠦᠯᠵᠢᠶᠡᠨ ᠤ ᠠᠵᠢᠯᠲᠠᠨ 44 ᠨᠡᠷᠡᠰ ᠭᠠᠷᠭᠠᠵᠤ᠂ ᠬᠠᠷᠢᠭᠤᠴᠠᠯᠭ᠎ᠠ ᠲᠣᠳᠣᠷᠬᠠᠶ ᠡᠬᠢ | ᠪᠠᠶᠠᠯᠢᠭ ᠤᠨ ᠬᠠᠮᠠᠭᠠᠯᠠᠯᠲᠠ ᠶᠢᠨ ᠰᠦᠯᠵᠢᠶᠡᠨ ᠤ ᠲᠠᠰ ᠢ ᠪᠣᠶ ᠪᠣᠯᠭᠠᠵᠤ᠂ ᠡᠯ᠎ᠡ ᠵᠤᠶᠢᠯ ᠤᠨ ᠭᠤᠤᠯᠳᠠᠯᠭ᠎ᠠ ᠲᠠᠢ | ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠬᠠᠷᠢᠶ᠎ᠠ ᠭᠠᠵᠠᠷ ᠤᠨ ᠳᠣᠲᠣᠷᠠᠬᠢ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ | ᠢᠳᠡᠪᠬᠢᠲᠡᠶ ᠨᠠᠶᠢᠳᠠᠪᠤᠷᠢᠵᠢᠭᠤᠯᠵᠤ᠂ ᠣᠶ ᠰᠢᠭᠤᠶ ᠬᠠᠮᠠᠭᠠᠯᠠᠬᠤ᠂ ᠭᠠᠯ ᠰᠡᠷᠭᠡᠶᠢᠯᠡᠬᠦ᠂ ᠪᠡᠯᠴᠢᠭᠡᠷᠯᠡᠭᠦᠯᠬᠦ ᠶᠢ | ᠴᠠᠭᠠᠵᠠᠯᠠᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠣᠯᠠᠨ ᠵᠤᠶᠢᠯ ᠤᠨ ᠠᠵᠢᠯ ᠤᠨ | ᠠᠭᠤᠯᠭ᠎ᠠ ᠶᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠬᠡᠷᠡᠭᠵᠢᠭᠦᠯᠦᠨ᠂ ᠠᠰᠠᠭᠤᠳᠠᠯ ᠢ | ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠤᠷᠢᠯᠡᠬᠦ ᠬᠡᠷᠡᠭᠲᠡᠶ᠃ ᠡᠭᠦᠨ ᠤ ᠵᠡᠷᠭᠡ ᠳᠤ ᠪᠠᠯᠭᠠᠰᠤ᠂ ᠲᠣᠰᠬᠤᠨ ᠤ | ᠨᠠᠮ ᠤᠨ ᠭᠡᠰᠢᠭᠦᠨ ᠺᠠᠳ᠋ᠷᠴᠤᠳ ᠤᠨ ︽ᠨᠠᠮ ᠤᠨ ᠪᠠᠶᠢᠭᠤᠯᠤᠯᠲᠠ + ᠣᠶ ᠰᠢᠭᠤᠶ ᠶᠢᠨ ᠳᠠᠷᠤᠭ᠎ᠠ ᠶᠢᠨ ᠲᠦᠷᠢᠮ︾ | ᠤᠨ ᠬᠠᠷᠢᠭᠤᠴᠠᠯᠭ᠎ᠠ ᠶᠢᠨ ᠣᠷᠣᠨ ᠢ ᠪᠠᠶᠢᠭᠤᠯᠵᠤ᠂ ᠪᠠᠯᠭᠠᠰᠤᠨ ᠤ ᠣᠶ ᠰᠢᠭᠤᠶ ᠶᠢᠨ ᠥᠷᠲᠡᠭᠡ ᠶᠢᠨ ᠵᠠᠭᠠᠭᠯᠠᠨ | ᠲᠣᠭᠲᠠᠭᠠᠭᠰᠠᠨ ᠬᠡᠰᠡᠭ ᠲᠣᠰᠬᠤᠨ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠣᠷᠣᠨ ᠪᠦᠰᠡ ᠶᠢᠨ ᠶᠣᠰᠣᠭᠠᠷ᠂ ᠣᠶ | ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠶ᠋ᠴᠡᠳᠬᠡᠵᠦ᠂ ︽ | ᠬᠥᠬᠡᠮᠳᠦᠭ ᠠᠭᠤᠯᠠ ᠶᠢ ᠰᠠᠬᠢᠨ ᠬᠠᠮᠠᠭᠠᠯᠠᠬᠤ︾ ᠪᠠᠲᠤ ᠪᠠᠬᠢ ᠪᠠᠬᠢᠯᠡᠯᠲᠡ ᠶᠢ ᠬᠠᠮᠲᠤ ᠪᠠᠷ ᠪᠠᠶᠢᠭᠤᠯᠵᠤ᠂ ᠲᠣᠭᠤᠷᠢᠨ | ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠪᠠᠲᠤ ᠪᠠᠬᠢ ᠰᠠᠭᠤᠷᠢ ᠶᠢ ᠪᠠᠬᠢᠵᠢᠭᠦᠯᠪᠡ᠃ 2023 ᠣᠨ ᠳᠤ᠂ | ᠪᠠᠯᠭᠠᠰᠤᠨ ᠤ ᠳᠡᠰ ᠤᠨ ᠤᠢ ᠰᠢᠭᠤᠢ ᠶᠢᠨ ᠳᠠᠷᠤᠭ᠎ᠠ 96 ᠤᠳᠠᠭ᠎ᠠ ᠤᠢ ᠰᠢᠭᠤᠢ ᠶᠢ ᠲᠣᠭᠤᠷᠢᠨ ᠪᠠᠶᠢᠴᠠᠭᠠᠵᠤ᠂ | ᠲᠣᠰᠬᠤᠨ ᠤ ᠳᠡᠰ ᠤᠨ ᠤᠢ ᠰᠢᠭᠤᠢ ᠶᠢᠨ ᠳᠠᠷᠤᠭ᠎ᠠ 384 ᠤᠳᠠᠭ᠎ᠠ ᠤᠢ ᠰᠢᠭᠤᠢ ᠶᠢ ᠲᠣᠭᠤᠷᠢᠨ ᠪᠠᠶᠢᠴᠠᠭᠠᠵᠤ᠂ | ᠰᠠᠷᠠᠯᠵᠢᠴᠢᠨ 2160 ᠭᠠᠷᠤᠢ ᠤᠳᠠᠭ᠎ᠠ ᠤᠢ ᠰᠢᠭᠤᠢ ᠶᠢ ᠲᠣᠭᠤᠷᠢᠨ ᠪᠠᠶᠢᠴᠠᠭᠠᠵᠤ᠂ ᠲᠣᠭᠤᠷᠢᠨ ᠬᠠᠮᠠᠭᠠᠯᠠᠭᠰᠠᠨ | ᠨᠤᠷᠮ᠎ᠠ 100% ᠳᠤ ᠬᠦᠷᠴᠦ᠂ ᠤᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ | ᠬᠠᠮᠢᠶᠠᠷᠤᠯᠲᠠ ᠬᠠᠮᠠᠭᠠᠯᠠᠯᠲᠠ ᠶᠢᠨ ︽ᠬᠠᠮᠤᠭ ᠰᠡᠭᠦᠯᠴᠢ ᠶᠢᠨ ᠨᠢᠭᠡ ᠺᠢᠯᠤᠮᠧᠲᠷ︾ ᠢ ᠨᠡᠪᠲᠡᠷᠡᠭᠦᠯᠵᠡᠢ᠃ | ᠠᠵᠢᠯ ᠤᠨ ᠳᠤᠮᠳᠠ ᠪᠠᠨ ᠨᠠᠮ ᠤᠨ ᠭᠡᠰᠢᠭᠦᠨ ᠤ ᠵᠢᠱᠢᠶᠡᠴᠢ ᠶᠢᠨ ᠤᠶᠢᠯᠡᠳᠤᠯ ᠢ ᠪᠠᠳᠠᠷᠠᠭᠤᠯᠬᠤ ᠶᠢ | ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ + ᠣᠶ ᠰᠢᠭᠤᠶ ᠶᠢᠨ ᠳᠠᠷᠤᠭ᠎ᠠ ᠶᠢᠨ ᠲᠦᠷᠢᠮ︾ ᠤᠨ ᠨᠠᠮ ᠤᠨ | ᠭᠡᠰᠢᠭᠦᠨ ᠤ ᠠᠯᠪᠠᠨ ᠵᠢᠷᠤᠮ ᠤᠨ ᠤᠬᠠᠭᠤᠯᠬᠤ ᠠᠩᠭᠢ ᠶᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ | ᠺᠠᠳ᠋ᠷᠴᠤᠳ ᠢ ᠳᠠᠶᠢᠴᠢᠯᠠᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ᠂ ᠤᠬᠠᠭᠤᠯᠭ᠎ᠠ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠵᠦ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠠᠷᠭ᠎ᠠ | ᠮᠠᠶ᠋ᠢᠭ ᠢ ᠠᠪᠴᠤ᠂ 2023 ᠣᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ | ᠪᠣᠯᠪᠠᠰᠤᠷᠠᠭᠤᠯᠤᠯ ᠢ 2 ᠤᠳᠠᠭ᠎ᠠ ᠥᠷᠨᠢᠭᠦᠯᠵᠦ᠂ ᠪᠣᠯᠪᠠᠰᠤᠷᠠᠭᠤᠯᠤᠯ ᠳᠤ 145 ᠭᠠᠷᠤᠶ ᠬᠥᠮᠦᠨ ᠤᠳᠠᠭ᠎ᠠ | ᠣᠷᠣᠯᠴᠠᠪᠠ︔ ᠲᠣᠰᠬᠤᠨ ᠳᠤ ᠬᠦᠷᠴᠦ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠡᠯ ᠢ 1500 ᠭᠠᠷᠤᠢ | ᠬᠤᠪᠢ ᠲᠠᠷᠬᠠᠭᠠᠵᠤ᠂ ᠤᠬᠠᠭᠤᠯᠵᠤ ᠬᠦᠳᠦᠯᠦᠨ ᠵᠢᠯᠣᠭᠤᠳᠬᠤ ︽ᠴᠢᠭᠯᠡᠯ ᠢ ᠲᠣᠳᠣᠷᠬᠠᠶᠢᠯᠠᠬᠤ︾ ᠶᠢ ᠪᠠᠷᠢᠮᠲᠠᠯᠠᠵᠤ᠂ | ᠨᠣᠭᠤᠭᠠᠷᠠᠭᠤᠯᠤᠯᠲᠠ ᠶᠢ ᠰᠠᠬᠢᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ | ᠪᠤᠶᠢᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠲᠠᠭ᠎ᠠ ᠶᠢᠨ ᠨᠠᠭᠤᠷ ᠪᠠᠯᠭᠠᠰᠤ ᠶᠢᠨ ᠬᠢᠨ ᠠᠮᠢ ᠠᠬᠤᠢ ᠶᠢᠨ ᠬᠠᠮᠠᠭᠠᠯᠠᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠤᠷᠢᠭ᠎ᠠ ᠱᠤᠭᠤᠮ ᠢ | ᠡᠷᠡᠰ ᠰᠠᠬᠢᠵᠤ᠂ ᠲᠠᠭ᠎ᠠ ᠶᠢᠨ ᠨᠠᠭᠤᠷ ᠤᠨ ᠡᠬᠡ ᠨᠠᠭᠤᠷ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠵᠦ᠂ | ᠲᠠᠭ᠎ᠠ ᠶᠢᠨ ᠨᠠᠭᠤᠷ ᠪᠠᠯᠭᠠᠰᠤ ᠶᠢ ᠠᠮᠢ ᠠᠬᠤᠢ ᠣᠷᠣᠰᠢᠨ ᠰᠠᠭᠤᠬᠤ ᠳᠤ ᠲᠠᠭᠠᠯᠠᠮᠵᠢᠲᠠᠢ᠂ ᠨᠣᠮᠢᠨ ᠨᠣᠭᠤᠭᠠᠨ | ᠦᠩᠭᠡ ᠲᠠᠢ᠂ ᠪᠠᠶᠠᠨ ᠲᠠᠩᠰᠤᠭ ᠲᠠᠭᠠᠯᠠᠮᠵᠢᠲᠠᠢ᠂ ᠠᠮᠢ ᠠᠬᠤᠢ ᠡᠶ᠎ᠡ ᠵᠣᠬᠢᠴᠠᠩᠭᠤᠢ᠂ ᠲᠩᠷᠢ ᠨᠢ ᠴᠡᠯᠮᠡᠭ ᠤᠰᠤ ᠨᠢ | ᠲᠤᠩᠭᠠᠯᠠᠭ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠪᠠᠯᠭᠠᠰᠤ ᠪᠣᠯᠭᠠᠨ ᠪᠦᠲᠦᠭᠡᠨ | ᠪᠠᠶᠢᠭᠤᠯᠤᠨ᠎ᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |