ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠲᠠᠯᠪᠢᠵᠤ ᠴᠠᠬᠢᠯᠭᠠᠨ ᠴᠡᠨᠡᠭᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠶ ᠮᠡᠳᠡᠭᠳᠡᠯ︾ ᠢ ᠥᠷᠭᠡᠨ ᠢᠶᠠᠷ ᠤᠬᠠᠭᠤᠯᠤᠨ ᠨᠠᠭᠠᠪᠠ
ᠨᠡᠶᠢᠲᠡᠯᠡᠭᠰᠡᠨ ᠴᠠᠭ᠄
2024/3/19
   ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠢ ᠰᠡᠷᠭᠡᠶᠢᠯᠡᠬᠦ ᠲᠤᠰᠬᠠᠶ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠠᠷᠢᠶ᠎ᠠ ᠣᠷᠣᠨ ᠤ ᠭᠠᠯ ᠤᠨ ᠠᠶᠤᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠪᠠ᠃ ᠣᠶᠢᠷ᠎ᠠ ᠶᠢᠨ ᠡᠳᠦᠷ ᠤᠳ ᠲᠤ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠠᠳᠠᠯ ᠠᠬᠤᠶ ᠶᠢᠨ ᠠᠵᠢᠯᠲᠠᠳ ᠢ ᠥᠷᠭᠡᠨ ᠢᠶᠠᠷ ᠳᠠᠶᠢᠴᠢᠯᠠᠨ ᠵᠢᠵᠢᠭ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠲᠡᠷᠭᠡᠨ ᠤ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠲᠠᠯᠪᠢᠵᠤ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠶ ᠵᠠᠷᠯᠠᠯ︾ ᠢ ᠶᠡᠬᠡᠪᠡᠷ ᠤᠬᠠᠭᠤᠯᠪᠠ᠃    ᠵᠠᠷᠯᠠᠯ ᠳᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠤᠲᠠᠰᠤ ᠪᠠᠷ ᠴᠠᠬᠢᠯᠭᠠᠨ ᠴᠡᠨᠡᠭᠯᠡᠬᠦ ᠪᠠ ᠲᠠᠷᠬᠠᠭᠠᠬᠤ ᠵᠠᠮ ᠢ ᠪᠥᠭᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠷᠢᠨ ᠲᠣᠳᠣᠷᠬᠠᠶᠢᠯᠠᠵᠤ᠂ ᠪᠠᠷᠢᠯᠭ᠎ᠠ ᠶᠢᠨ ᠵᠦᠢᠯ ᠤᠨ ᠣᠯᠠᠨ ᠨᠡᠶᠢᠲᠡ ᠶᠢᠨ ᠶᠠᠪᠠᠭᠠᠨ ᠵᠠᠮ᠂ ᠠᠰᠠᠷ ᠤᠨ ᠱᠠᠲᠤᠨ ᠤ ᠲᠠᠰᠤᠯᠭ᠎ᠠ᠂ ᠡᠭᠦᠳᠡᠨ ᠲᠢᠩᠬᠢᠮ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠬᠤ ᠪᠤᠶᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠬᠤ ᠥᠬᠡᠶ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠭᠠᠯ ᠤᠨᠲᠠᠷᠠᠭᠠᠬᠤ ᠵᠠᠮ᠂ ᠠᠮᠤᠷ ᠲᠦᠪᠰᠢᠨ ᠭᠠᠷᠬᠤ ᠵᠠᠮ ᠢ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠴᠠᠬᠢᠯᠭᠠᠨ ᠴᠡᠨᠡᠭᠯᠡᠬᠦ ᠱᠤᠭᠤᠮ ᠢ ᠳᠤᠷ᠎ᠠ ᠪᠠᠷ ᠢᠶᠠᠨ ᠲᠠᠲᠠᠵᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠢᠩᠭ᠎ᠠ ᠴᠠᠭᠠᠵᠠᠯᠠᠨ᠎ᠠ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠥᠪᠯᠡᠷᠡᠭᠦᠯᠦᠨ ᠵᠣᠭᠰᠣᠭᠠᠵᠤ᠂ ᠴᠠᠬᠢᠯᠭᠠᠨ ᠴᠡᠨᠡᠭᠯᠡᠬᠦ ᠣᠷᠣᠨ ᠳᠤ ᠪᠠᠷᠢᠯᠭ᠎ᠠ ᠶᠢᠨ ᠭᠠᠳᠠᠷ ᠲᠠᠯ᠎ᠠ ᠶᠢᠨ ᠲᠤᠰᠠᠭᠠᠷ ᠣᠷᠣᠨ ᠪᠦᠰᠡ ᠪᠠᠶᠢᠷᠢᠯᠠᠭᠤᠯᠵᠤ᠂ ᠬᠥᠷᠰᠢ ᠵᠡᠷᠭᠡᠯᠡᠳᠡᠭᠡ ᠪᠠᠷᠢᠯᠭ᠎ᠠ ᠯᠤᠭ᠎ᠠ ᠵᠣᠬᠢᠬᠤ ᠠᠮᠤᠷ ᠲᠦᠪᠰᠢᠨ ᠤ ᠵᠠᠶ ᠲᠠᠢ ᠪᠠᠶᠢᠯᠭᠠᠵᠤ᠂ ᠨᠣᠴᠣᠮᠠᠲᠠᠭᠠᠶ ᠰᠢᠲᠠᠮᠠᠬᠠᠶ ᠮᠠᠲ᠋ᠧᠷᠢᠶᠠᠯ ᠢᠶᠠᠷ ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠬᠤ ᠭᠠᠵᠠᠷ ᠪᠠᠶᠢᠭᠤᠯᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ ᠴᠢᠬᠤᠯᠠ ᠪᠦᠬᠦᠢ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠲᠣᠬᠢᠷᠠᠭᠤᠯᠵᠤ᠂ ᠡᠷᠭᠢᠨ ᠲᠣᠭᠤᠷᠢᠨ ᠳᠤ ᠨᠣᠴᠣᠮᠠᠲᠠᠭᠠᠶ ᠰᠢᠲᠠᠮᠠᠬᠠᠶ ᠪᠣᠳᠠᠰ ᠪᠠᠶᠢᠵᠤ ᠪᠣᠯᠬᠤ ᠦᠭᠡᠶ᠃    ᠤᠯᠠᠮ ᠨᠢᠭᠡ ᠠᠯᠬᠤᠮ ᠤᠬᠠᠭᠤᠯᠬᠤ ᠪᠠᠷ ᠳᠠᠮᠵᠢᠭᠤᠯᠤᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠤᠨ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠲᠠᠯ᠎ᠠ ᠪᠠᠷ ᠳᠠᠯᠳᠠ ᠭᠡᠮ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠠᠩᠬᠠᠷᠤᠯ ᠢ ᠲᠠᠲᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠳᠤᠷ᠎ᠠ ᠪᠠᠷ ᠢᠶᠠᠨ ᠴᠠᠬᠢᠯᠭᠠᠨ ᠴᠡᠨᠡᠭᠯᠡᠬᠦ ᠠᠰᠠᠭᠤᠳᠠᠯ ᠪᠦᠲᠦᠮᠵᠢᠲᠡᠶ ᠰᠠᠶᠢᠵᠢᠷᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠢ ᠰᠡᠷᠭᠡᠶᠢᠯᠡᠬᠦ ᠲᠤᠰᠬᠠᠶ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2