ᠳ᠋ᠧᠩ ᠬᠠᠶ ᠵᠢᠶᠦ᠋ᠨ᠄ ᠬᠤᠷᠢᠨ ᠲᠤᠯᠤᠭᠠᠨ ᠵᠢᠯ ᠴᠠᠭᠳᠠᠭᠠᠨ ᠤ ᠵᠠᠮ ᠢᠶᠠᠷ ᠶᠠᠪᠤᠵᠤ ᠣᠭ ᠰᠠᠨᠠᠭ᠎ᠠ ᠪᠠᠨ ᠮᠠᠷᠲᠠᠯ ᠥᠬᠡᠶ ᠪᠠᠷ ᠦᠨᠡᠨᠴᠢ ᠰᠢᠳᠤᠷᠭᠤ  ᠪᠠᠷ ᠤᠶᠢᠯᠡᠴᠢᠯᠡᠨ᠎ᠡ
ᠨᠡᠶᠢᠲᠡᠯᠡᠭᠰᠡᠨ ᠴᠠᠭ᠄
2024/3/19
   ᠲᠡᠷᠡ ᠪᠣᠯ ᠨᠢᠭᠡᠨ ᠡᠩ ᠤᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠮᠥᠨ᠂ ᠴᠠᠭᠳᠠᠭ᠎ᠠ ᠨᠠᠷ ᠤᠨ 27 ᠵᠢᠯ ᠰᠢᠬᠠᠮ ᠤᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠠᠵᠢᠯ ᠤᠨ ᠨᠢᠭᠡᠳᠦᠭᠡᠷ ᠹᠷᠣᠨᠲ ᠢ ᠢᠮᠠᠭᠲᠠ ᠪᠠᠲᠤ ᠰᠠᠬᠢᠵᠤ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠵᠢᠷᠤᠭ ᠳᠦᠷᠰᠦ ᠶᠢᠨ ᠮᠡᠷᠭᠡᠵᠢᠯ ᠢ ᠨᠢᠭᠡ ᠰᠡᠳᠬᠢᠯ ᠢᠶᠠᠷ ᠰᠢᠮᠳᠠᠨ ᠰᠤᠳᠤᠯᠵᠤ᠂ ᠴᠤᠭᠯᠠᠭᠤᠯᠵᠤ ᠣᠯᠤᠭᠰᠠᠨ ᠮᠡᠳᠡᠭᠡ ᠵᠠᠩᠭᠢ ᠪᠠᠷ ᠶᠠᠯ᠎ᠠ ᠬᠢᠭᠰᠡᠨ ᠰᠡᠵᠢᠭᠳᠡᠨ ᠢ ᠨᠠᠷᠢᠨ ᠨᠢᠮᠪᠠᠶ ᠳᠠᠭᠤᠷᠢᠶᠠᠨ ᠵᠢᠷᠤᠭᠯᠠᠵᠤ᠂ ᠡᠯ᠎ᠡ ᠲᠥᠷᠥᠯ ᠤᠨ ᠬᠡᠷᠡᠭ ᠢ ᠨᠠᠷᠢᠨ ᠨᠢᠮᠪᠠᠶ ᠳᠡᠩᠨᠡᠨ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠴᠠᠭᠳᠠᠭ᠎ᠠ ᠶᠢᠨ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ  ᠤᠶᠢᠯᠡᠳᠤᠯᠭᠡᠵᠢᠭᠦᠯᠵᠠᠢ᠃  
       ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠰᠠᠯᠠᠭᠠᠨ ᠤ ᠳ᠋ᠧᠩ ᠬᠠᠶ ᠵᠢᠶᠦ᠋ᠨ ᠤ ᠠᠯᠪᠠᠨ ᠬᠡᠷ ᠲᠤ ᠣᠷᠣᠬᠤ ᠳᠤ᠂ ᠬᠡᠷᠡᠮ ᠳᠤ ᠡᠳᠡᠭᠡᠷ ᠵᠢᠯ ᠤᠳ ᠲᠤ ᠳ᠋ᠧᠩ ᠬᠠᠶ ᠵᠢᠶᠦ᠋ᠨ ᠵᠢᠷᠤᠭ ᠳᠦᠷᠰᠦ ᠪᠠᠷ ᠳᠠᠮᠵᠢᠨ ᠢᠯᠡᠷᠡᠭᠦᠯᠦᠭᠰᠡᠨ ᠬᠡᠷᠡᠭ ᠤᠳ ᠢ ᠳᠦᠭᠦᠷᠲᠡᠯ᠎ᠡ ᠡᠯᠭᠦᠵᠦ᠂ ᠨᠢᠭᠡ ᠨᠢᠭᠡ ᠳᠦᠷᠢ ᠲᠥᠷᠬᠦ ᠪᠠᠷ ᠦᠨᠡᠨ ᠵᠢᠷᠤᠭ ᠢ ᠡᠯᠭᠦᠵᠦ᠂ ᠨᠢᠭᠡ ᠨᠢᠭᠡ ᠬᠡᠷᠡᠭ ᠢ ᠳᠡᠩᠨᠡᠨ ᠢᠯᠡᠷᠡᠭᠦᠯᠦᠭᠰᠡᠨ ᠢᠶᠠᠷ ᠳ᠋ᠧᠩ ᠬᠠᠶ ᠵᠢᠶᠦ᠋ᠨ ᠤ ᠨᠠᠰᠢ ᠴᠠᠰᠢ ᠶᠠᠪᠤᠵᠤ ᠪᠠᠶᠢᠭ᠎ᠠ ᠵᠢᠷᠤᠭ ᠢᠶᠠᠷ ᠬᠡᠷᠡᠭ ᠢᠯᠡᠷᠡᠭᠦᠯᠦᠭᠰᠡᠨ ᠵᠢᠵᠢᠭ ᠰᠠᠵᠢᠭ ᠵᠦᠢᠯ ᠤᠳ ᠢ ᠶᠠᠷᠢᠯᠴᠠᠵᠤ᠂ ᠳ᠋ᠧᠩ ᠬᠠᠶ ᠵᠢᠶᠦ᠋ᠨ ᠪᠣᠰᠴᠤ ᠢᠷᠡᠭᠡᠳ ᠵᠢᠷᠤᠭ ᠨᠢᠭᠡᠪᠦᠷᠢ ᠶᠢᠨ ᠠᠷᠤ ᠳᠠᠬᠢ ᠦᠯᠢᠭᠡᠷ ᠪᠠ ᠬᠡᠷᠡᠭ ᠢ ᠳᠡᠩᠨᠡᠨ ᠢᠯᠡᠷᠡᠭᠦᠯᠦᠭᠰᠡᠨ ᠶᠠᠪᠤᠴᠠ ᠶᠢ ᠶᠠᠷᠢᠵᠤ ᠥᠭᠴᠡᠢ᠂ ᠦᠵᠡᠬᠦ ᠳᠤ ᠳᠥᠭᠦᠮᠬᠡᠨ ᠢᠶᠠᠷ ᠬᠡᠷᠡᠭ ᠢᠯᠡᠷᠡᠭᠦᠯᠦᠭᠰᠡᠨ ᠤ ᠳᠠᠷᠠᠭ᠎ᠠ ᠴᠥᠮ ᠳ᠋ᠧᠩ ᠬᠠᠶ ᠵᠢᠶᠦ᠋ᠨ ᠤ ᠨᠦᠢᠷᠰᠤᠭᠰᠠᠨ ᠦᠭᠡᠢ ᠰᠥᠨᠢ ᠶᠢᠨ ᠰᠢᠷᠭᠠᠭᠤ ᠴᠢᠷᠮᠠᠶᠢᠯᠭ᠎ᠠ ᠪᠣᠯᠤᠨ᠎ᠠ᠃    ᠬᠤᠬᠢᠷᠠᠯ ᠠᠮᠰᠠᠭᠴᠢ ᠪᠤᠶᠤ ᠬᠠᠷᠠᠭᠴᠢ ᠶᠢᠨ ᠵᠢᠷᠤᠭ ᠢᠶᠠᠷ ᠳᠠᠮᠵᠢᠨ ᠶᠠᠯ᠎ᠠ ᠬᠢᠭᠰᠡᠨ ᠰᠡᠵᠢᠭᠲᠡᠨ ᠳᠤ ᠵᠢᠷᠤᠭ ᠳᠦᠷᠰᠦ ᠮᠠᠰᠢ ᠵᠦᠳᠡᠷᠡᠯᠲᠡᠶ ᠠᠵᠢᠯ ᠬᠢᠵᠡᠶ᠂ ᠡᠳᠡᠭᠡᠷ ᠵᠢᠯ ᠳᠤ ᠂ ᠬᠡᠷᠡᠭ ᠢ ᠢᠯᠡᠷᠡᠭᠦᠯᠬᠦ ᠠᠴᠠ ᠭᠠᠳᠠᠨ᠎ᠠ᠂ ᠴᠢᠯᠥᠭᠡ ᠵᠠᠪ ᠢᠶᠠᠷ ᠢᠶᠠᠨ ᠤᠷᠠᠨ ᠵᠢᠷᠤᠭ ᠤᠨ ᠮᠡᠷᠭᠡᠵᠢᠯ ᠢᠶᠠᠨ ᠰᠤᠳᠤᠯᠳᠠᠭ ᠯᠠ ᠶᠤᠮ ᠪᠣᠯ ᠬᠡᠳᠦᠨ ᠠᠷᠪᠠᠨ ᠵᠢᠯ ᠪᠣᠯᠣᠨ᠎ᠠ᠃ ᠳ᠋ᠧᠩ ᠬᠠᠶ ᠵᠢᠶᠦ᠋ᠨ ᠬᠡᠯᠡᠭᠰᠡᠨ ᠨᠢ᠄ ︽ᠬᠤᠬᠢᠷᠠᠯ ᠠᠮᠰᠠᠭᠴᠢ ᠶᠢᠨ ᠬᠦᠰᠡᠯ ᠳᠦᠭᠦᠷᠡᠩ ᠬᠠᠷᠠᠴᠠ ᠪᠣᠯᠤᠨ ᠵᠣᠪᠠᠭᠤᠷᠢ ᠵᠦᠳᠡᠭᠦᠷᠢ ᠶᠢ ᠣᠯᠵᠤ ᠦᠵᠡᠬᠦ ᠪᠦᠷᠢ᠂ ᠮᠢᠨᠦ ᠰᠡᠳᠬᠢᠯ ᠳᠤ ᠶᠡᠷᠦ ᠪᠤᠰᠤ ᠶᠢᠨ ᠠᠮᠲᠠ ᠲᠠᠢ ᠶᠤᠮ᠂ ᠡᠶᠢᠮᠦ ᠠᠴᠠ ᠵᠠᠪᠠᠯ ᠥᠪᠡᠷ ᠤᠨ ᠳᠠᠪᠠᠭᠤᠯᠢᠭ ᠢᠶᠠᠨ ᠠᠰᠢᠭᠯᠠᠵᠤ᠂ ᠳᠠᠭᠤᠷᠢᠶᠠᠮᠠᠯ ᠵᠢᠷᠤᠭ ᠤᠨ ᠮᠡᠷᠭᠡᠵᠢᠯ ᠢ ᠰᠢᠷᠭᠠᠭᠤ ᠬᠠᠲᠠᠭᠤᠵᠢᠯᠲᠠᠶ ᠰᠤᠳᠤᠯᠵᠤ᠂ ᠬᠡᠷᠡᠭ ᠢ ᠲᠤᠷᠰᠢᠨ ᠪᠠᠶᠢᠴᠠᠭᠠᠬᠤ ᠳᠤ ᠬᠤᠪᠢ ᠨᠡᠮᠡᠷᠢ ᠪᠠᠨ ᠦᠵᠡᠭᠦᠯᠬᠦ ᠪᠠᠷ ᠵᠣᠷᠢᠭ ᠰᠢᠭᠤᠳᠴᠠᠶ︾ ᠭᠡᠵᠡᠶ᠃    1996 ᠣᠨ ᠳᠤ ᠴᠠᠭᠳᠠᠭᠠᠨ ᠤ ᠰᠤᠷᠭᠠᠭᠤᠯᠢ ᠠᠴᠠ ᠲᠡᠭᠦᠰᠦᠭᠰᠡᠨ ᠤ ᠳᠠᠷᠠᠭ᠎ᠠ᠂ ᠳ᠋ᠧᠩ ᠬᠠᠶ ᠵᠢᠶᠦ᠋ᠨ ᠤᠷᠢᠳ ᠬᠤᠵᠢᠳ ᠯᠢᠶᠠᠩᠴᠧᠩ ᠰᠢᠶᠠᠨ ᠤ ᠤᠤᠯ ᠤᠨ ᠵᠢᠷᠭᠤᠳᠤᠭᠠᠷ ᠰᠤᠮᠤ ᠰᠢᠶᠠᠩ ᠤᠨ ᠯᠢᠦ ᠵᠢᠶᠠ ᠶᠣᠣ ᠲᠣᠮᠢᠯᠠᠭᠰᠠᠨ ᠰᠠᠯᠪᠤᠷᠢ᠂ ᠴᠠᠩ ᠬᠠᠨ ᠶᠢᠩ ᠰᠢᠶᠠᠩ ᠤᠨ ᠲᠣᠮᠢᠯᠠᠭᠰᠠᠨ ᠰᠠᠯᠪᠤᠷᠢ᠂ ᠠᠷᠪᠠ ᠶᠢᠰᠦᠳᠦᠭᠡᠷ ᠰᠢᠶᠠᠩ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠠᠵᠢᠯᠯᠠᠵᠤ᠂ 2004 ᠣᠨ ᠳᠤ ᠳ᠋ᠧᠩ ᠬᠠᠶ ᠵᠢᠶᠦ᠋ᠨ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠰᠢᠯᠵᠢᠭᠦᠯᠦᠨ ᠣᠷᠣᠭᠤᠯᠵᠤ᠂ ᠬᠥᠷᠥᠭ ᠵᠢᠷᠤᠭ ᠤᠨ ᠮᠡᠷᠭᠡᠵᠢᠯ ᠢ ᠰᠠᠶᠢᠲᠤᠷ ᠰᠤᠷᠬᠤ ᠶᠢᠨ ᠲᠥᠯᠥᠭᠡ᠂ ᠲᠡᠷᠡ ᠪᠠᠰᠠ ᠠᠯᠤᠰ ᠬᠤᠯᠠ ᠬᠦᠷᠴᠦ ᠲᠠᠩ ᠱᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠢᠸᠢᠽᠢ ᠳᠤ ᠬᠦᠷᠴᠦ ᠠᠯᠳᠠᠷᠲᠤ ᠵᠢᠷᠤᠭ ᠳᠦᠷᠰᠦ ᠶᠢᠨ ᠲᠤᠰᠬᠠᠶ ᠮᠡᠷᠭᠡᠵᠢᠯᠲᠡᠨ ᠶᠣᠣ ᠳ᠋ᠢᠶᠠᠨ ᠢ ᠶᠢᠨ ᠳᠠᠭᠤᠷᠢᠶᠠᠯ ᠢᠶᠠᠷ ᠰᠤᠷᠤᠯᠴᠠᠬᠤ ᠮᠡᠷᠭᠡᠵᠢᠯ ᠢ ᠰᠤᠷᠤᠯᠴᠠᠬᠤ ᠶᠢᠨ ᠲᠥᠯᠥᠭᠡ᠂ ᠳ᠋ᠧᠩ ᠬᠠᠶ ᠵᠢᠶᠦ᠋ᠨ ᠤ ᠳᠠᠭᠤᠷᠢᠶᠠᠮᠠᠯ ᠵᠢᠷᠤᠭ ᠤᠨ ᠮᠡᠷᠭᠡᠵᠢᠯ ᠢ ᠴᠦ ᠠᠭᠠᠵᠢᠮ ᠢᠶᠠᠷ ᠳᠡᠭᠡᠭᠰᠢᠯᠡᠭᠦᠯᠵᠦ᠂ ᠳᠠᠭᠤᠷᠢᠶᠠᠮᠠᠯ ᠵᠢᠷᠤᠭ ᠤᠨ ᠮᠡᠷᠭᠡᠵᠢᠯ ᠢᠶᠠᠷ ᠳᠠᠮᠵᠢᠨ ᠯᠢᠶᠠᠩᠴᠧᠩ ᠰᠢᠶᠠᠨ ᠤ 2011.3.15 ᠣᠨᠴᠠ ᠶᠡᠭᠡ ᠬᠤᠯᠠᠭᠠᠶᠢᠯᠠᠭᠰᠠᠨ 20 ᠲᠦᠮᠡᠨ ᠲᠥᠭᠦᠷᠢᠭ ᠤᠨ ᠲᠣᠮᠣ ᠵᠣᠭᠤᠰ ᠤᠨ ᠬᠡᠷᠡᠭ ᠵᠡᠷᠭᠡ ᠡᠯ᠎ᠡ ᠲᠥᠷᠥᠯ ᠤᠨ ᠬᠡᠷᠡᠭ ᠢ ᠤᠷᠢᠳ ᠬᠤᠵᠢᠳ ᠲᠠᠩᠨᠠᠨ ᠢᠯᠡᠷᠡᠭᠦᠯᠪᠡ᠃ ᠡᠳᠡᠭᠡᠷ ᠵᠢᠯ ᠳᠤ᠂ ᠳ᠋ᠧᠩ ᠬᠠᠶ ᠵᠢᠶᠦ᠋ᠨ ᠲᠤᠬᠠᠶᠢᠯᠠᠭᠰᠠᠨ ᠠᠵᠢᠯ ᠤᠨ ᠳᠤᠮᠳᠠ ᠢᠯᠡᠳᠲᠡ ᠠᠮᠵᠢᠯᠲᠠ ᠣᠯᠤᠭᠰᠠᠨ ᠢᠶᠠᠷ ᠪᠠᠷᠠᠬᠤ ᠥᠬᠡᠶ᠂ ᠡᠩ ᠤᠨ ᠦᠶ᠎ᠡ ᠳᠤ ᠴᠦ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠦ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠴᠠᠭ ᠢᠮᠠᠭᠲᠠ ᠠᠷᠠᠳ ᠲᠦᠮᠡᠨ ᠳᠤ ᠦᠢᠯᠡᠴᠢᠯᠡᠬᠦ ᠵᠣᠷᠢᠭ ᠰᠠᠨᠠᠭ᠎ᠠ ᠶᠢ ᠢᠯᠡᠷᠡᠭᠦᠯᠳᠡᠭ ᠪᠠᠶᠢᠪᠠ᠃ ᠬᠡᠷᠡᠭ ᠤᠨ ᠲᠤᠬᠠᠢ ᠶᠢᠨ ᠲᠠᠯᠠᠪᠤᠷ ᠲᠤ᠂ ᠲᠡᠷᠡ ᠦᠷᠭᠦᠯᠵᠢ ᠬᠤᠭᠤᠯᠠ ᠢᠳᠡᠬᠦ᠂ ᠤᠨᠲᠠᠬᠤ᠂ ᠠᠭᠠᠭᠢᠮ᠎ᠠ ᠬᠠᠯᠠᠭᠤᠨ ᠢ ᠬᠠᠶᠢᠬᠤᠷᠤᠯ ᠦᠭᠡᠢ᠂ ᠬᠠᠬᠢᠷ ᠬᠦᠢᠳᠡᠨ ᠢ ᠬᠠᠶᠢᠬᠤᠷᠤᠯ ᠦᠭᠡᠢ᠂ ᠰᠠᠯᠬᠢ ᠰᠠᠯᠬᠢᠯᠠᠵᠤ ᠪᠣᠷᠣᠭᠠᠨ ᠣᠷᠣᠬᠤ ᠦᠭᠡᠢ ᠪᠣᠯ ᠴᠠᠭ ᠲᠤᠬᠠᠢ ᠳᠤᠨᠢ ᠲᠤᠬᠠᠢ ᠶᠢᠨ ᠲᠠᠯᠠᠪᠤᠷ ᠲᠤ ᠭᠠᠷᠴᠤ ᠴᠢᠳᠠᠨ᠎ᠠ᠃ 2014 ᠣᠨ ᠳᠤ ᠳ᠋ᠧᠩ ᠬᠠᠢ ᠵᠢᠶᠦ᠋ᠨ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠬᠡᠷᠡᠭ ᠤᠨ ᠱᠢᠨᠵᠢᠯᠡᠬᠦ ᠤᠬᠠᠭᠠᠨ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠬᠥᠮᠥᠷᠭᠡ ᠳᠤ ᠰᠣᠩᠭᠤᠭᠳᠠᠨ ᠣᠷᠣᠵᠠᠢ᠃ 2020 ᠣᠨ ᠳᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠠᠴᠠ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ ᠬᠡᠷᠡᠭ ᠢ ᠲᠠᠩᠨᠠᠨ ᠰᠢᠢᠳᠪᠦᠷᠢᠯᠡᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠥᠮᠥᠷᠭᠡ ᠳᠤ ᠰᠣᠩᠭᠤᠭᠳᠠᠪᠠ᠃    ︽ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ᠂ ᠪᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠳᠦᠰᠦᠨ ᠱᠠᠲᠤᠨ ᠳᠤ ᠰᠠᠭᠤᠷᠢᠯᠠᠵᠤ᠂ ᠠᠵᠢᠯ ᠤᠨ ᠪᠠᠶᠢᠷᠢ ᠪᠠᠨ ᠰᠠᠬᠢᠵᠤ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠬᠡᠷᠡᠭᠵᠢᠭᠦᠯᠦᠯᠲᠡ ᠶᠢ ᠴᠢᠩᠭ᠎ᠠ ᠵᠢᠷᠤᠮᠵᠢᠭᠤᠯᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ︿ᠪᠠᠴᠢᠮ ᠪᠡᠷᠬᠡ ᠵᠣᠪᠠᠨᠢᠯ﹀ ᠤᠨ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠠᠶᠢᠨ ᠴᠠᠭᠳᠠᠭ᠎ᠠ ᠪᠣᠯᠤᠨ᠎ᠠ︾ ᠭᠡᠵᠦ ᠳ᠋ᠧᠩ ᠬᠠᠢ ᠵᠢᠶᠦ᠋ᠨ ᠬᠡᠯᠡᠪᠡ᠃                                             ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2