ᠯᠢᠶᠠᠩᠴᠧᠩ ᠰᠢᠶᠠᠨ ᠤ 2022 ᠣᠨ ᠤ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠥᠬᠦᠪᠥᠷᠢ ᠪᠠᠯᠠ ᠮᠥᠩᠭᠦ ᠪᠠ ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠱᠠᠩᠨᠠᠯ ᠤᠨ ᠪᠠᠯᠠ ᠮᠥᠩᠭᠦ ᠶᠢᠨ ᠲᠠᠷᠬᠠᠭᠠᠯᠲᠠ  ᠶᠢᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/20
   ᠮᠠᠨ ᠤ ᠰᠢᠶᠠᠨ ᠤ 2022 ᠣᠨ ᠤ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠥᠬᠦᠪᠥᠷᠢ ᠶᠢᠨ ᠪᠠᠯᠠ ᠮᠥᠩᠭᠦ ᠪᠠ ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠱᠠᠩᠨᠠᠯ ᠤᠨ ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠵᠢᠷᠤᠮᠵᠢᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠮᠠᠨ ᠤ ᠰᠢᠶᠠᠨ ᠤ ᠬᠤᠲᠠ ᠶᠢᠨ ᠵᠠᠮ ᠬᠠᠷᠢᠯᠴᠠᠭᠠᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠲᠦᠷᠭᠡᠳᠬᠡᠬᠦ ᠶᠢᠨ ᠲᠥᠯᠥᠭᠡ᠂ ︽2022 ᠣᠨ ᠤ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠥᠬᠦᠪᠥᠷᠢ ᠶᠢᠨ ᠪᠠᠯᠠ ᠮᠥᠩᠭᠦ ᠪᠠ ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠱᠠᠩᠨᠠᠯ ᠤᠨ ᠪᠠᠯᠠ ᠮᠥᠩᠭᠦ ᠶᠢ ᠪᠠᠭᠤᠯᠭᠠᠬᠤ ᠲᠤᠬᠠᠶ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠤᠯᠠᠭᠠᠨᠴᠠᠪ  ᠡᠳ᠋ ᠤᠨ ᠵᠠᠰᠠᠭ ᠪᠥᠲᠥᠭᠡᠨ ᠪᠠᠶᠢᠭᠤᠯᠤᠯᠲᠠ ﹇2020﹈ 806 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠺᠣᠮᠫᠠᠨᠢ ᠪᠠ ᠡᠵᠡᠩᠨᠡᠭᠴᠢ ᠠᠴᠠ ᠳᠡᠭᠡᠭᠰᠢ ᠮᠡᠳᠡᠭᠦᠯᠬᠦ ᠪᠠᠷ ᠳᠡᠮᠵᠢᠨ᠂ ᠡᠳᠦᠭᠡ ᠨᠥᠬᠦᠪᠥᠷᠢ ᠣᠯᠭᠤᠬᠤ ᠶᠢ ᠵᠠᠷᠯᠠᠨ ᠨᠡᠶᠢᠲᠡᠯᠡᠪᠡ᠃    ᠨᠢᠭᠡ᠂ ᠨᠥᠬᠦᠪᠥᠷᠢ ᠣᠯᠭᠤᠬᠤ ᠡᠲᠡᠭᠡᠳ    ᠯᠢᠶᠠᠩᠴᠧᠩ ᠰᠢᠶᠠᠨ ᠤ ᠬᠢᠯᠢ ᠳᠣᠲᠣᠷ᠎ᠠ ᠬᠡᠪ ᠤᠨ ᠶᠣᠰᠣᠭᠠᠷ ᠲᠡᠭᠡᠭᠡᠪᠦᠷᠢᠯᠡᠨ ᠡᠵᠡᠩᠨᠡᠭᠰᠡᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ᠂ ᠬᠥᠳᠡᠭᠡ ᠲᠣᠰᠬᠤᠨ ᠤ ᠠᠶᠠᠨᠴᠢᠳ ᠤᠨ ᠡᠭᠡᠯᠵᠢ ᠶᠢᠨ ᠲᠡᠷᠭᠡ ᠪᠠ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ ᠳᠠᠩᠰᠠᠯᠠᠭᠤᠯᠤᠨ᠎ᠠ᠃    ᠬᠤᠶᠠᠷ᠂ ᠣᠯᠭᠤᠬᠤ ᠪᠠᠷᠢᠮᠵᠢᠶ᠎ᠠ ᠪᠠ ᠵᠣᠭᠤᠰ ᠤᠨ ᠲᠤᠭ᠎ᠠ    1. ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠨᠡᠶᠢᠳᠡ 30 3794 ᠲᠥᠭᠦᠷᠢᠭ ᠪᠠᠭᠤᠯᠭᠠᠵᠠᠢ᠂ ᠨᠡᠶᠢᠳᠡ 106 ᠲᠡᠷᠭᠡ 1 865.98 ᠲᠥᠭᠦᠷᠢᠭ ᠪᠣᠯᠪᠠ᠃    2. ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠨᠡᠶᠢᠲᠡ 183585 ᠲᠥᠭᠦᠷᠢᠭ ᠪᠠᠭᠤᠯᠭᠠᠵᠤ᠂ ᠮᠠᠨ ᠤ ᠰᠢᠶᠠᠨ ᠤ ᠨᠥᠬᠦᠪᠥᠷᠢ ᠶᠢᠨ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠨᠡᠶᠢᠲᠡ 10 ᠪᠠᠶᠢᠵᠤ᠂ 174 ᠰᠠᠭᠤᠷᠢ᠂ ᠲᠡᠭᠡᠭᠡᠪᠦᠷᠢᠯᠡᠨ ᠡᠵᠡᠩᠨᠡᠭᠰᠡᠨ ᠨᠢ 97 ᠰᠠᠷ᠎ᠠ᠂ 109.08 ᠲᠥᠭᠦᠷᠢᠭ / ᠰᠠᠭᠤᠳᠠᠯ ᠲᠠᠢ᠃    3. ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠨᠥᠬᠦᠪᠥᠷᠢ ᠶᠢ 1014458 ᠲᠥᠭᠦᠷᠢᠭ ᠪᠠᠭᠤᠯᠭᠠᠵᠤ᠂ ᠨᠡᠶᠢᠲᠡ 18 ᠲᠡᠷᠭᠡ ᠪᠠᠶᠢᠵᠤ᠂ ᠲᠡᠷᠭᠡ ᠪᠦᠷᠢ ᠳᠤ 56358.77 ᠲᠥᠭᠦᠷᠢᠭ ᠨᠤᠭᠳᠠᠪᠠ᠃    ᠭᠤᠷᠪᠠ᠂ ᠣᠯᠭᠤᠬᠤ ᠳᠡᠰ ᠳᠠᠷᠠᠭ᠎ᠠ    ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠡᠵᠡᠩᠨᠡᠭᠴᠢ ᠶᠢᠨ ᠵᠥᠪᠰᠢᠶᠡᠷᠡᠯ ᠢ ᠬᠤᠷᠢᠶᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠂ ᠬᠠᠮᠢᠶ᠎ᠠ ᠪᠦᠬᠦᠢ ᠭᠠᠷᠳᠠᠮ ᠢ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠵᠦ᠂ ᠨᠡᠶᠢᠲᠡᠯᠡᠭᠰᠡᠨ ᠦᠷ᠎ᠡ ᠳ᠋ᠦᠩ ᠳᠤ ᠣᠨᠳᠣᠣ     ᠰᠠᠨᠠᠯ ᠦᠭᠡᠢ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ ᠠᠷᠠᠳ ᠲᠤ ᠠᠰᠢᠭ ᠬᠦᠷᠲᠡᠭᠡᠬᠦ ᠪᠦᠬᠦᠨ ᠳᠤ ᠲᠣᠬᠢᠷᠠᠬᠤ ᠺᠠᠷᠲ ᠢᠶᠠᠷ ᠳᠠᠮᠵᠢᠭᠤᠯᠤᠨ ᠲᠡᠷᠭᠡ ᠬᠥᠰᠬᠡ ᠡᠵᠡᠩᠨᠡᠭᠴᠢ ᠪᠤᠶᠤ ᠺᠣᠮᠫᠠᠨᠢ ᠳᠤ ᠰᠢᠭᠤᠳ ᠰᠠᠯᠭᠠᠨ ᠥᠭᠭᠦᠨ᠎ᠡ᠃    ᠳᠥᠷᠪᠡ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠮᠠᠶ᠋ᠢᠭ    ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ᠂ ᠶᠠᠮᠠᠷᠪᠠ ᠨᠢᠭᠡᠴᠡ ᠪᠠ ᠬᠤᠪᠢ ᠬᠥᠮᠦᠨ ᠰᠠᠨᠠᠯ ᠪᠤᠶᠤ ᠰᠠᠨᠠᠭᠤᠯᠭ᠎ᠠ ᠲᠠᠢ ᠪᠣᠯ ᠯᠢᠶᠠᠩᠴᠧᠩ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠰᠢᠭᠤᠳ ᠪᠢᠴᠢᠭ ᠤᠨ ᠬᠡᠯᠪᠡᠷᠢ ᠪᠠᠷ ᠬᠠᠷᠢᠭᠤ ᠲᠤᠰᠬᠠᠵᠤ ᠪᠣᠯᠤᠨ᠎ᠠ᠃    ᠵᠠᠷᠯᠠᠨ ᠨᠡᠶᠢᠲᠡᠯᠡᠬᠦ ᠡᠳᠦᠷ᠄ 2024 ᠣᠨ ᠤ 3 ᠰᠠᠷ᠎ᠠ ᠶᠢᠨ 18 ᠤ ᠡᠳᠦᠷ ᠠᠴᠠ 2024 ᠣᠨ ᠤ 3 ᠰᠠᠷ᠎ᠠ ᠶᠢᠨ 26 ᠤ ᠡᠳᠦᠷ ᠪᠣᠯᠲᠠᠯ᠎ᠠ᠃    ᠬᠠᠷᠢᠯᠴᠠᠬᠤ ᠬᠥᠮᠦᠨ᠄ ᠯᠢ ᠸᠧᠶ    ᠬᠠᠷᠢᠯᠴᠠᠬᠤ ᠤᠲᠠᠰᠤ᠄ 0474 - 4206090    ᠬᠠᠶ᠋ᠢᠭ᠄ ᠯᠢᠶᠠᠩᠴᠧᠩ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ 401 ᠲᠠᠰᠤᠭ᠃
             
                    ᠯᠢᠶᠠᠩᠴᠧᠩ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ                       2024ᠤᠨ ᠤ 3 ᠰᠠᠷ᠎ᠠ ᠶᠢᠨ18 ᠤ ᠡᠳᠦᠷ                                                               ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2