ᠲᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠄ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠤᠶᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ  ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/3/21
   ᠯᠢᠶᠠᠩᠴᠧᠩ ᠰᠢᠶᠠᠨ ᠤ ᠲᠠᠭ᠎ᠠ ᠶᠢᠨ ᠨᠠᠭᠤᠷ  ᠪᠠᠯᠭᠠᠰᠤᠨ ᠤ ᠭᠤᠷᠪᠠᠳᠤᠭᠠᠷ ᠰᠤᠮᠤᠨ ᠤ ᠡᠷᠡᠭᠦᠯ ᠬᠠᠮᠠᠭᠠᠯᠠᠯ ᠤᠨ  ᠬᠤᠷᠢᠶ᠎ᠠ ᠪᠣᠯ ᠡᠮ ᠡᠮᠨᠡᠯᠭᠡ᠂ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ᠂ ᠡᠷᠡᠭᠦᠯ ᠮᠡᠨᠳᠦ ᠶᠢᠨ ᠬᠥᠮᠦᠵᠢᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠡᠷᠡᠭᠦᠯᠵᠢᠭᠦᠯᠬᠦ ᠹᠢᠽᠢᠺ ᠵᠠᠰᠠᠯ ᠢ ᠨᠢᠭᠡ ᠴᠤᠭᠴᠠᠵᠢᠭᠤᠯᠤᠭᠰᠠᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ᠎ᠠ᠂ ᠪᠦᠬᠦ ᠪᠠᠯᠭᠠᠰᠤᠨ ᠤ ᠦᠨᠳᠦᠰᠦᠨ ᠡᠮ ᠡᠮᠨᠡᠯᠭᠡ ᠪᠣᠯᠤᠨ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠡᠭᠦᠷᠭᠡᠯᠡᠵᠦ᠂ ᠯᠢᠶᠠᠩᠴᠧᠩ ᠰᠢᠶᠠᠨ ᠤ ᠰᠢᠯᠢᠳᠡᠭ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠤᠨ ᠴᠣᠯᠠ ᠶᠢ ᠬᠦᠷᠳᠡᠵᠦ ᠥᠩᠭᠡᠷᠡᠵᠡᠢ᠃
          ᠡᠮᠨᠡᠯᠭᠡ ᠶᠢᠨ ᠬᠤᠷᠢᠶ᠎ᠠ ᠨᠢ ᠲᠠᠭ᠎ᠠ ᠶᠢᠨ ᠨᠠᠭᠤᠷ  ᠪᠠᠯᠭᠠᠰᠤᠨ ᠤ ᠰᠢ ᠶᠢᠩᠽᠢ ᠲᠣᠰᠬᠤᠨ ᠳᠤ ᠪᠤᠶ᠃ ᠳᠣᠲᠣᠷ᠎ᠠ ᠰᠠᠯᠠᠭ᠎ᠠ᠂ ᠭᠠᠳᠠᠷ ᠰᠠᠯᠠᠭ᠎ᠠ᠂ ᠡᠮᠡᠭᠲᠡᠶ ᠶᠢᠨ ᠰᠠᠯᠠᠭ᠎ᠠ ᠶᠢ ᠨᠡᠶᠢᠳᠠ ᠲᠣᠬᠢᠷᠠᠭᠤᠯᠵᠠᠶ᠃ ᠬᠢᠲᠠᠳ ᠡᠮᠨᠡᠯᠭᠡ ᠶᠢᠨ ᠰᠠᠯᠠᠭ᠎ᠠ᠂ ᠹᠢᠽᠢᠺ ᠵᠠᠰᠠᠯ ᠤᠨ ᠰᠠᠯᠠᠭ᠎ᠠ᠂ ᠬᠢᠮᠢ ᠶᠢᠨ ᠲᠤᠷᠰᠢᠯᠲᠠ ᠶᠢᠨ ᠲᠠᠰᠤᠭ᠂ ᠪᠤᠳᠤᠭᠲᠤ ᠬᠡᠳᠦ ᠳᠣᠯᠭᠢᠶᠠᠨ ᠤ ᠲᠠᠰᠤᠭ᠂ ᠵᠢᠷᠦᠬᠡᠨ ᠤ ᠯᠤᠭᠰᠢᠯᠲᠠ ᠶᠢᠨ ᠵᠢᠷᠤᠭ ᠤᠨ ᠲᠠᠰᠤᠭ ᠵᠡᠷᠭᠡ ᠨᠢ ᠬᠢᠲᠠᠳ ᠡᠮᠨᠡᠯᠭᠡ ᠶᠢᠨ ᠰᠠᠯᠠᠭ᠎ᠠ ᠪᠠᠷ ᠣᠨᠴᠠᠯᠢᠭ ᠲᠠᠢ ᠲᠤᠰᠬᠠᠶ ᠰᠠᠯᠠᠭ᠎ᠠ ᠪᠣᠯᠭᠠᠵᠤ᠂ ᠬᠢᠲᠠᠳ ᠡᠮᠨᠡᠯᠭᠡ ᠶᠢᠨ ᠰᠠᠯᠳᠠᠷ ᠤᠨ ᠣᠨᠣᠯ ᠢᠶᠠᠷ ᠰᠠᠭᠤᠷᠢ ᠪᠣᠯᠭᠠᠨ᠂ ᠤᠯᠠᠮᠵᠢᠯᠠᠯᠲᠤ ᠬᠢᠲᠠᠳ ᠡᠮᠨᠡᠯᠭᠡ ᠶᠢᠨ ᠢᠯᠢᠵᠦ ᠪᠠᠷᠢᠬᠤ᠂ ᠢᠯᠢᠵᠦ ᠨᠤᠬᠤᠯᠠᠬᠤ᠂ ᠵᠡᠭᠦᠦ ᠲᠥᠭᠡᠨᠡᠯᠭᠡ᠂ ᠰᠣᠷᠣᠭᠤᠯ ᠲᠠᠯᠪᠢᠬᠤ᠂ ᠴᠠᠩᠬ᠎ᠠ ᠬᠤᠰᠤᠬᠤ ᠵᠡᠷᠭᠡ ᠲᠣᠬᠢᠷᠠᠮᠵᠢᠲᠠᠶ ᠮᠡᠷᠭᠡᠵᠢᠯ ᠢ ᠳᠣᠪᠤᠶᠢᠯᠭᠠᠵᠤ᠂ ᠣᠳᠣ ᠦᠶ᠎ᠡ ᠶᠢᠨ ᠠᠨᠠᠭᠠᠬᠤ ᠤᠬᠠᠭᠠᠨ ᠤ ᠬᠥᠭᠵᠢᠯᠲᠡ ᠲᠠᠢ ᠤᠶᠠᠯᠳᠤᠭᠤᠯᠤᠨ᠂ ᠡᠯ᠎ᠡ ᠵᠦᠢᠯ ᠤᠨ ᠬᠢᠲᠠᠳ ᠡᠮᠨᠡᠯᠭᠡ ᠶᠢᠨ ᠤᠯᠠᠮᠵᠢᠯᠠᠯᠲᠤ ᠵᠠᠰᠠᠯᠭ᠎ᠠ ᠪᠠᠷ ᠳᠠᠮᠵᠢᠨ ᠰᠢᠷᠪᠥᠰᠥ ᠶᠢ ᠲᠠᠯᠪᠢᠷᠠᠭᠤᠯᠤᠨ ᠰᠤᠳᠠᠯ ᠢ ᠨᠡᠪᠲᠡᠷᠡᠭᠦᠯᠬᠦ᠂ ᠠᠷᠭ᠎ᠠ ᠪᠢᠯᠢᠭ ᠢ ᠲᠣᠬᠢᠷᠠᠭᠤᠯᠬᠤ᠂ ᠲᠥᠪ ᠰᠤᠷᠲᠠᠯ ᠢ ᠲᠡᠳᠬᠦᠨ ᠭᠠᠵᠢᠭᠤ ᠪᠤᠷᠤᠭᠤ ᠶᠢ ᠠᠷᠢᠯᠭᠠᠬᠤ᠂ ᠴᠢᠰᠤᠨ ᠭᠦᠶᠦᠳᠡᠯ ᠢ ᠰᠠᠶᠢᠵᠢᠷᠠᠭᠤᠯᠤᠨ ᠡᠪᠡᠳᠬᠦ ᠶᠢ ᠵᠣᠭᠰᠣᠭᠠᠬᠤ ᠦᠢᠯᠡᠳᠦᠯ ᠲᠠᠢ᠃    ᠬᠢᠲᠠᠳ ᠡᠮᠨᠡᠯᠭᠡ ᠶᠢᠨ ᠰᠠᠯᠠᠭᠠᠨ ᠤ ᠡᠮᠴᠢ ᠦᠵᠡᠵᠦ ᠰᠣᠨᠣᠰᠬᠤ ᠠᠷᠭ᠎ᠠ ᠪᠠᠷ ᠡᠪᠡᠳᠴᠢᠲᠡᠨ ᠳᠤ ᠪᠠᠶᠢᠴᠠᠭᠠᠯᠲᠠ ᠬᠢᠵᠦ᠂ ᠪᠠᠶᠢᠴᠠᠭᠠᠬᠤ ᠶᠠᠪᠤᠴᠠ ᠳᠤ ᠡᠪᠡᠳᠴᠢᠲᠡᠨ ᠤ ᠡᠳᠦᠷ ᠲᠤᠲᠤᠮ ᠤᠨ ᠪᠡᠶ᠎ᠡ ᠮᠠᠬᠠᠪᠣᠳ ᠪᠠ ᠢᠳᠡᠭᠡᠨ ᠤᠮᠳᠠᠭᠠᠨ ᠤ ᠪᠠᠶᠢᠳᠠᠯ ᠢ ᠠᠰᠠᠭᠤᠨ ᠯᠠᠪᠯᠠᠵᠤ᠂ ᠲᠤᠰᠬᠠᠶ ᠮᠡᠷᠭᠡᠵᠢᠯ ᠤᠨ ᠣᠨᠣᠰᠢᠯᠠᠯᠲᠠ ᠶᠢᠨ ᠦᠷ᠎ᠡ ᠳ᠋ᠦᠩ ᠢ ᠭᠠᠷᠭᠠᠵᠤ ᠥᠭᠲᠡᠭ᠃ ᠬᠢᠲᠠᠳ ᠡᠮ ᠨᠠᠶᠢᠷᠠᠭᠤᠯᠬᠤ ᠴᠢᠬᠤᠯᠠᠲᠠᠶ ᠡᠪᠡᠳᠴᠢᠲᠡᠨ ᠳᠤ᠂ ᠡᠪᠡᠳᠴᠢᠲᠡᠨ ᠭᠡᠷ ᠲᠡᠭᠡᠨ ᠬᠠᠷᠢᠭᠠᠳ ᠥᠪᠡᠷᠲᠡᠭᠡᠨ ᠴᠢᠨᠠᠵᠤ ᠬᠢᠬᠦ ᠬᠡᠷᠡᠭ ᠦᠭᠡᠢ᠂ ᠡᠮᠨᠡᠯᠭᠡ ᠶᠢᠨ ᠬᠤᠷᠢᠶ᠎ᠠ ᠠᠴᠠ ᠡᠪᠡᠳᠴᠢᠲᠡᠨ ᠳᠤ ᠴᠢᠨᠠᠵᠤ ᠤᠭᠤᠲᠠᠯᠠᠬᠤ ᠲᠤᠰᠬᠠᠶ ᠪᠠᠭᠠᠵᠢ ᠲᠥᠬᠦᠭᠡᠷᠦᠮᠵᠢ ᠲᠠᠢ ᠪᠠᠶᠢᠵᠤ᠂ ᠡᠮ ᠤᠨ ᠴᠢᠨᠠᠷ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠠᠲᠤᠯᠠᠭᠰᠠᠨ ᠮᠥᠷᠲᠡᠭᠡᠨ ᠪᠠᠰᠠ ᠢᠳᠡᠬᠦ ᠶᠠᠪᠤᠴᠠ ᠶᠢᠨ ᠠᠷᠢᠭᠤᠨ ᠴᠡᠪᠡᠷ ᠤᠨ ᠠᠮᠤᠷ ᠲᠦᠪᠰᠢᠨ ᠢ ᠪᠠᠲᠤᠯᠠᠵᠤ᠂ ᠤᠳᠠᠭ᠎ᠠ ᠪᠦᠷᠢ ᠤᠤᠭᠤᠬᠤ ᠦᠶ᠎ᠡ ᠳᠤ ᠬᠠᠯᠠᠭᠤᠯᠪᠠᠯ ᠪᠣᠯᠴᠢᠬᠠᠨ᠎ᠠ᠂ ᠡᠨᠡ ᠨᠢ ᠡᠪᠡᠳᠴᠢᠲᠡᠨ ᠳᠤ ᠲᠦᠢᠯ ᠤᠨ ᠶᠡᠭᠡ ᠳᠦᠭᠦᠮ ᠦᠵᠡᠭᠦᠯᠪᠡ᠃ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠠᠴᠠ ᠪᠠᠰᠠ ᠨᠠᠰᠤᠲᠠᠶᠢᠴᠤᠳ ᠲᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠡᠷᠡᠭᠦᠯ ᠢᠳᠡᠭᠡᠨ ᠤᠮᠳᠠᠭᠠᠨ ᠢ ᠠᠩᠬᠠᠷᠬᠤ᠂ ᠡᠮᠬᠢ ᠵᠢᠷᠤᠮ ᠲᠠᠢ ᠠᠵᠢᠯᠯᠠᠵᠤ ᠠᠮᠠᠷᠠᠬᠤ ᠵᠢᠴᠢ ᠭᠡᠷ ᠤᠨ ᠭᠠᠳᠠᠨᠠᠬᠢ ᠬᠥᠳᠡᠯᠭᠡᠭᠡᠨ ᠢ ᠵᠣᠬᠢᠬᠤ ᠬᠡᠮᠵᠢᠶ᠎ᠡ ᠪᠠᠷ ᠬᠢᠬᠦ ᠶᠢ ᠠᠩᠬᠠᠷᠪᠠᠯ ᠵᠣᠬᠢᠨ᠎ᠠ ᠭᠡᠵᠦ ᠴᠢᠩ ᠰᠡᠳᠬᠢᠯ ᠠᠴᠠ ᠪᠠᠨ ᠰᠠᠨᠠᠭᠤᠯᠳᠠᠭ᠃    ᠭᠤᠷᠪᠠᠳᠤᠭᠠᠷ ᠰᠤᠮᠤᠨ ᠤ ᠹᠦ᠋ ᠵᠢᠶᠠ ᠲᠣᠰᠬᠤᠨ ᠤ ᠰᠠᠭᠤᠭᠠᠯᠢ ᠠᠷᠠᠳ ᠰᠥᠸᠧ ᠮᠢᠩ ᠵᠢᠦ᠄ ︽ᠡᠨᠡ ᠬᠤᠶᠠᠷ ᠡᠳᠦᠷ ᠮᠢᠨᠦ ᠪᠡᠶ᠎ᠡ ᠲᠠᠭ᠎ᠠ ᠥᠬᠡᠶ ᠪᠠᠶᠢᠨ᠎ᠠ᠂ ᠠᠳᠡ ᠢᠷᠡᠵᠦ ᠪᠠᠶᠢᠴᠠᠭᠠᠯᠭᠠᠭᠠᠳ ᠴᠢᠰᠤᠨ ᠳᠠᠷᠤᠯᠲᠠ ᠵᠢᠭᠠᠬᠠᠨ ᠥᠨᠳᠥᠷ ᠪᠠᠶᠢᠨ᠎ᠠ᠂ ᠬᠢᠲᠠᠳ ᠡᠮᠨᠡᠯᠭᠡ ᠶᠢᠨ ᠡᠮᠴᠢ ᠶᠢᠨ ᠵᠠᠰᠠᠯᠭ᠎ᠠ ᠨᠢ ᠮᠠᠰᠢ ᠲᠥᠬᠦᠮ᠂  ᠯᠢᠶᠠᠩᠴᠧᠩ  ᠡᠮᠨᠡᠯᠭᠡ ᠶᠢᠨ ᠬᠤᠷᠢᠶᠠᠨ ᠳᠤ ᠣᠴᠢᠬᠤ ᠬᠡᠷᠡᠭ ᠥᠬᠡᠶ᠂ ᠬᠥᠳᠡᠭᠡ ᠲᠣᠰᠬᠤᠨ ᠳᠤ ᠦᠵᠡᠭᠦᠯᠴᠢᠬᠡᠨ᠎ᠡ︾ ᠭᠡᠵᠡᠶ᠃
        ᠲᠠᠭ᠎ᠠ ᠶᠢᠨ ᠨᠠᠭᠤᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯ ᠠᠯᠪᠠᠨ ᠠᠴᠠ ᠪᠠᠶᠢᠭᠤᠯᠤᠭᠰᠠᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠣᠯᠤᠨ᠎ᠠ᠂ ᠬᠠᠷᠢᠶᠠᠲᠤ ᠣᠷᠣᠨ ᠳᠠᠬᠢ ᠪᠠᠶᠢᠩᠭᠤ ᠰᠠᠭᠤᠭ᠎ᠠ ᠬᠥᠮᠦᠨ ᠠᠮᠠ 5000 ᠭᠠᠷᠤᠶ᠂ ᠤᠳᠠᠭᠠᠨ ᠴᠢᠨᠠᠷᠲᠠᠶ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ 1632 ᠬᠥᠮᠦᠨ᠂ ᠰᠢᠬᠢᠷ ᠰᠢᠵᠢᠩ ᠡᠪᠡᠳᠴᠢᠨ 132 ᠬᠥᠮᠦᠨ᠂ ᠮᠡᠳᠡᠷᠡᠯ ᠤᠨ ᠡᠪᠡᠳᠴᠢᠨ 43 ᠬᠥᠮᠦᠨ᠂ ᠨᠠᠰᠤᠲᠠᠨ 1786 ᠬᠥᠮᠦᠨ ᠪᠠᠶᠢᠵᠤ᠂ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ᠂ ᠭᠡᠷ᠎ᠡ ᠲᠣᠭᠲᠠᠭᠰᠠᠨ ᠬᠡᠷ ᠪᠦᠯᠢ ᠶᠢᠨ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠢ ᠦᠨᠳᠦᠰᠦᠯᠡᠨ᠂ ᠬᠠᠨᠳᠤᠯᠭᠠᠲᠤ ᠴᠢᠨᠠᠷᠲᠠᠶ ᠡᠷᠡᠭᠦᠯ ᠮᠡᠨᠳᠦ ᠶᠢᠨ ᠬᠥᠮᠦᠵᠢᠯ ᠤᠨ ᠮᠠᠲ᠋ᠧᠷᠢᠶᠠᠯ ᠢ ᠬᠠᠩᠭᠠᠵᠤ᠂ ᠡᠷᠡᠭᠦᠯ ᠮᠡᠨᠳᠦ ᠶᠢᠨ ᠬᠥᠮᠦᠵᠢᠯ ᠤᠨ ᠮᠠᠲ᠋ᠧᠷᠢᠶᠠᠯ ᠢ ᠭᠡᠷ᠎ᠡ ᠲᠣᠭᠲᠠᠭᠰᠠᠨ ᠬᠡᠷ ᠪᠦᠯᠢ ᠳᠤ ᠴᠠᠭ ᠲᠤᠬᠠᠶ ᠳᠤᠨᠢ ᠲᠠᠷᠬᠠᠭᠠᠨ ᠥᠭᠴᠦ᠂ ᠮᠡᠳᠡᠯᠭᠡ ᠶᠢᠨ ᠲᠠᠶᠢᠯᠤᠮᠵᠢ ᠶᠢ ᠰᠠᠶᠢᠲᠤᠷ ᠬᠢᠭᠰᠡᠨ ᠪᠠᠶᠢᠨ᠎ᠠ᠃ ᠡᠷᠡᠭᠦᠯ ᠮᠡᠨᠳᠦ ᠶᠢᠨ ᠶᠡᠭᠡ ᠬᠢᠴᠢᠶᠡᠯ ᠤᠨ ᠲᠠᠩᠬᠢᠮ ᠪᠠ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠵᠡᠷᠭᠡ ᠡᠷᠡᠭᠦᠯ ᠮᠡᠨᠳᠦ ᠶᠢᠨ ᠠᠵᠢᠯᠯᠠᠭ᠎ᠠ ᠶᠢᠨ ᠮᠡᠳᠡᠭᠡ ᠵᠠᠩᠭᠢ ᠪᠠ ᠤᠯᠠᠷᠢᠯ ᠤᠨ ᠴᠢᠨᠠᠷᠲᠠᠶ᠂ ᠭᠡᠨᠡᠳᠲᠡ ᠶᠢᠨ ᠴᠢᠨᠠᠷᠲᠠᠶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠮᠡᠳᠡᠭᠡ ᠵᠠᠩᠭᠢ ᠶᠢ ᠭᠡᠷ᠎ᠡ ᠲᠣᠭᠲᠠᠭᠰᠠᠨ ᠬᠡᠷ ᠪᠦᠯᠢ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ ᠰᠠᠭᠤᠭᠠᠯᠢ ᠠᠷᠠᠳ ᠤᠨ ᠠᠳᠠᠯᠢ ᠪᠤᠰᠤ ᠡᠷᠡᠭᠦᠯ ᠮᠡᠨᠳᠦ ᠶᠢᠨ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠤᠳᠠᠭᠠᠨ ᠴᠢᠨᠠᠷᠲᠠᠶ ᠡᠪᠡᠳᠴᠢᠲᠡᠨ ᠢᠶᠠᠷ ᠲᠣᠯᠣᠭᠠᠶᠢᠯᠠᠭᠤᠯᠤᠨ  ᠤᠶᠢᠯᠡᠴᠢᠯᠡᠬᠦ ᠡᠲᠡᠭᠡᠳ ᠢᠶᠠᠨ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠠᠰᠠᠭᠤᠨ ᠯᠠᠪᠯᠠᠬᠤ ᠪᠠ ᠲᠥᠷᠥᠯ ᠬᠤᠪᠢᠶᠠᠨ ᠵᠢᠯᠣᠭᠤᠳᠬᠤ  ᠤᠶᠢᠯᠡᠴᠢᠯᠡᠭᠡ ᠬᠠᠩᠭᠠᠵᠤ᠂ ᠵᠢᠯ ᠪᠦᠷᠢ 4 ᠤᠳᠠᠭ᠎ᠠ ᠠᠴᠠ ᠳᠤᠲᠠᠭᠤ ᠪᠠᠶᠢᠵᠤ ᠪᠣᠯᠬᠤ ᠥᠬᠡᠶ᠃ ᠭᠡᠷ ᠲᠡᠭᠡᠨ ᠬᠤᠴᠣᠷᠤᠭᠰᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠪᠥᠭᠡᠳ ᠬᠡᠷᠡᠭᠴᠡᠭᠡ ᠱᠠᠭᠠᠷᠳᠠᠯᠭ᠎ᠠ ᠲᠠᠢ ᠨᠠᠰᠤᠲᠠᠶᠢᠴᠤᠳ ᠲᠤ ᠬᠡᠷ ᠲᠤᠨᠢ ᠬᠦᠷᠴᠦ ᠪᠡᠶ᠎ᠡ ᠪᠠᠶᠢᠴᠠᠭᠠᠬᠤ᠂ ᠡᠷᠡᠭᠦᠯᠵᠢᠭᠦᠯᠬᠦ᠂ ᠰᠤᠪᠢᠯᠠᠬᠤ᠂ ᠬᠢᠲᠠᠳ ᠡᠮᠨᠡᠯᠭᠡ ᠳᠤ ᠳᠣᠭᠢᠷᠠᠬᠤ ᠮᠡᠷᠭᠡᠵᠢᠯ ᠵᠡᠷᠭᠡ ᠡᠷᠡᠭᠦᠯ ᠮᠡᠨᠳᠦ ᠶᠢᠨ ᠯᠠᠪᠯᠠᠭ᠎ᠠ ᠪᠠ ᠵᠢᠯᠣᠭᠤᠳᠣᠯᠭ᠎ᠠ ᠶᠢᠨ  ᠤᠶᠢᠯᠡᠴᠢᠯᠡᠭᠡ ᠬᠠᠩᠭᠠᠨ᠎ᠠ᠃    ᠯᠢᠶᠠᠩᠴᠧᠩ ᠰᠢᠶᠠᠨ ᠤ ᠲᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠱᠢ ᠵᠢᠶᠠᠨ ᠵᠢᠶᠦ᠋ᠨ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ ᠪᠢᠳᠡ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ  ᠤᠶᠢᠯᠡᠴᠢᠯᠡᠭᠡ ᠶᠢ ᠭᠤᠤᠯᠳᠠᠯᠭ᠎ᠠ ᠲᠠᠢ ᠥᠷᠨᠢᠭᠦᠯᠵᠦ᠂ ᠬᠠᠷᠢᠶᠠᠲᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠲᠤ ᠡᠪᠡᠳᠴᠢᠨ ᠲᠠᠢ᠂ ᠡᠮᠨᠡᠭᠦᠯᠬᠦ ᠭᠠᠵᠠᠷ ᠲᠠᠢ ᠪᠣᠯᠭᠠᠵᠤ᠂ ᠨᠠᠩ ᠬᠤᠯᠠ ᠭᠠᠵᠠᠷ ᠲᠤ ᠣᠴᠢᠵᠤ ᠡᠮᠴᠢᠯᠡᠭᠦᠯᠬᠦ ᠬᠡᠷᠡᠭ ᠥᠬᠡᠶ᠂ ᠭᠤᠣᠨᠢ ᠪᠡᠯᠪᠡᠰᠦᠨ ᠨᠠᠰᠤᠲᠠᠨ ᠢ ᠮᠠᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠰᠠᠭᠤᠯᠭᠠᠵᠤ᠂ ᠤᠯᠤᠰ ᠤᠨ ᠰᠤᠶᠢᠳᠭᠡᠯ ᠬᠤᠷᠢᠶᠠᠬᠤ ᠥᠬᠡᠶ ᠦᠨᠳᠦᠰᠦᠨ ᠡᠮᠴᠢᠯᠡᠭᠡ ᠵᠢᠴᠢ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠤᠶᠢᠯᠡᠴᠢᠯᠡᠭᠡ ᠶᠢ ᠡᠳ᠋ᠯᠡᠭᠦᠯᠬᠦ ᠪᠠᠷ ᠪᠠᠶᠢᠨ᠎ᠠ︾ ᠭᠡᠵᠡᠶ᠃    ᠬᠤᠶᠢᠰᠢᠳᠠ ᠯᠢᠶᠠᠩᠴᠧᠩ ᠰᠢᠶᠠᠨ ᠤ ᠲᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤᠨ ᠤ ᠡᠷᠡᠭᠦᠯ ᠬᠠᠮᠠᠭᠠᠯᠠᠯ ᠤᠨ  ᠬᠤᠷᠢᠶ᠎ᠠ ᠦᠷᠭᠦᠯᠵᠢᠯᠡᠨ ᠠᠷᠠᠳ ᠲᠦᠮᠡᠨ ᠤ ᠡᠷᠡᠭᠦᠯ ᠮᠡᠨᠳᠤ ᠪᠠᠷ ᠭᠤᠣᠯ ᠪᠣᠯᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ  ᠴᠢᠩ ᠦᠨᠡᠨᠴᠢ ᠬᠠᠯᠠᠭᠤᠨ ᠰᠡᠳᠬᠢᠯ ᠢᠶᠠᠷ ᠦᠢᠯᠡᠴᠢᠯᠡᠵᠦ᠂ ᠰᠠᠶᠢᠨ ᠲᠦᠷᠦ ᠶᠢᠨ ᠪᠤᠳᠤᠯᠭ᠎ᠠ ᠶᠢ ᠠᠷᠠᠳ ᠤᠯᠠᠨ ᠪᠦᠬᠦᠨ ᠳᠤ ᠨᠠᠶᠢᠳᠠᠪᠤᠷᠢᠵᠢᠭᠤᠯᠵᠤ᠂ ᠠᠷᠠᠳ ᠤᠯᠠᠨ ᠤ ᠡᠷᠡᠭᠦᠯ ᠮᠡᠨᠳᠤ ᠶᠢ ᠬᠠᠮᠠᠭᠠᠯᠠᠨ᠎ᠠ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2