ᠮᠠᠨ ᠤ ᠰᠢᠶᠠᠨ ︽ᠡᠮ ᠬᠦᠷᠭᠡᠬᠦ ᠡᠷᠡᠭᠦᠯ ᠮᠡᠨᠳᠦ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/21
    3 ᠰᠠᠷ᠎ᠠ ᠶᠢᠨ 19 ᠤ ᠡᠳᠦᠷ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠱᠧᠩ ᠯᠢ ᠵᠡᠭᠡᠯᠢ ᠨᠡᠶᠢᠭᠡᠮ ᠲᠣᠭᠤᠷᠢᠭ ᠲᠠᠢ ᠬᠠᠮᠲᠤᠷᠠᠨ ︽ᠡᠮ ᠬᠦᠷᠭᠡᠬᠦ ᠡᠷᠡᠭᠦᠯ ᠮᠡᠨᠳᠦ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
        ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠴᠢ ᠰᠤᠪᠢᠯᠠᠭᠴᠢᠳ ᠰᠠᠭᠤᠭᠠᠯᠢ ᠠᠷᠠᠳ ᠲᠤ ᠰᠤᠶᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠶᠢᠨ  ᠤᠶᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ ᠂ ᠪᠠᠰᠠ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠤᠨ ᠲᠤᠬᠠᠶ ᠮᠠᠳᠠᠭ ᠲᠠᠢ ᠠᠰᠠᠭᠤᠯᠲᠠ ᠳᠤ ᠨᠠᠷᠢᠨ ᠬᠠᠷᠢᠭᠤᠯᠲᠠ ᠥᠭᠭᠦᠭᠰᠡᠨ ᠪᠥᠭᠡᠳ ᠬᠠᠨᠳᠤᠯᠭᠠᠲᠤ ᠴᠢᠨᠠᠷᠲᠠᠶ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠠᠵᠢᠯᠯᠠᠭ᠎ᠠ ᠳᠤ ᠪᠠᠰᠠ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠷᠡᠭᠦᠯ ᠴᠢᠭᠢᠷᠠᠭ ᠢᠳᠡᠭᠡᠨ ᠤᠮᠳᠠᠭᠠᠨ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠡᠪᠡᠳᠴᠢᠨ ᠡᠮᠭᠡᠭ ᠢ ᠰᠡᠷᠭᠡᠶᠢᠯᠡᠬᠦ ᠵᠡᠷᠭᠡ ᠲᠠᠯ᠎ᠠ ᠶᠢᠨ ᠮᠡᠳᠡᠯᠭᠡ ᠶᠢ ᠪᠠᠭᠲᠠᠭᠠᠵᠤ᠂ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠶᠢ ᠨᠠᠩ ᠪᠥᠬᠦ ᠲᠠᠯ᠎ᠠ ᠪᠠᠷ ᠣᠶᠢᠯᠠᠭᠠᠭᠤᠯᠪᠠ᠃
   ᠲᠣᠰ ᠤᠳᠠᠭᠠᠨ ᠤ ︽ᠡᠮ ᠬᠦᠷᠭᠡᠬᠦ ᠡᠷᠡᠭᠦᠯ ᠮᠡᠨᠳᠦ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠲᠤ ᠦᠨᠡᠨ ᠪᠣᠳᠠᠲᠠᠶ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃                                      ᠨᠠᠶᠢᠷᠠᠭᠤᠯᠤᠭᠴᠢ᠄  ᠯᠢ ᠬᠤᠩ ᠢᠦᠢ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2