ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠨᠡᠭᠦᠳᠡᠯ ᠤᠨ ᠰᠢᠪᠠᠭᠤ ᠶᠢᠨ ᠨᠡᠭᠦᠳᠡᠯ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/21
   3 ᠰᠠᠷ᠎ᠠ ᠳᠤ ᠮᠠᠨ ᠤ ᠰᠢᠶᠠᠨ ᠨᠡᠭᠦᠳᠡᠯ ᠤᠨ ᠰᠢᠪᠠᠭᠤᠳ ᠤᠨ ᠨᠡᠭᠦᠳᠡᠯ ᠤᠨ ᠤᠯᠠᠷᠢᠯ ᠢ ᠤᠭᠲᠤᠨ ᠠᠪᠴᠢᠷᠠᠵᠤ᠂ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠠᠮᠠᠷᠠᠵᠤ ᠢᠳᠡᠬᠦ ᠪᠠᠨ ᠵᠣᠭᠰᠣᠪᠠ᠃ 3 ᠰᠠᠷ᠎ᠠ ᠶᠢᠨ 18 ᠤ ᠡᠳᠦᠷ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠳ᠋ᠢᠶᠠᠨ ᠸᠧᠨ ᠪᠣᠯᠤᠨ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠪᠠ ᠨᠤᠭᠤ ᠭᠠᠵᠠᠷ ᠤᠨ ᠬᠠᠮᠠᠭᠠᠯᠠᠯᠲᠠ ᠶᠢᠨ ᠥᠷᠲᠡᠭᠡ ᠶᠢᠨ ᠳᠠᠷᠤᠭ᠎ᠠ ᠯᠢᠦ ᠬᠤᠸᠠ ᠸᠧᠨ ᠨᠠᠷ ᠮᠠᠨ ᠤ ᠰᠢᠶᠠᠨ ᠳᠤ ᠭᠦᠨᠵᠡᠭᠡᠶᠢᠷᠡᠨ ᠨᠡᠭᠦᠳᠡᠯ ᠤᠨ ᠰᠢᠪᠠᠭᠤ ᠶᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠭᠦᠩ ᠪᠠ ᠾᠧ ᠭᠤᠣᠯ ᠤᠨ ᠳ᠋ᠠᠨ ᠳ᠋ᠢᠩ ᠾᠧ ᠵᠣᠭᠰᠣᠬᠤ ᠭᠠᠵᠠᠷ ᠪᠣᠯᠤᠨ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ᠂ ᠲᠤᠬᠠᠢ ᠶᠢᠨ ᠲᠠᠯᠠᠪᠠᠢ ᠳᠤ ᠳ᠋ᠠᠨ ᠳ᠋ᠢᠩ ᠾᠧ ᠵᠣᠭᠰᠣᠬᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠨᠡᠭᠦᠳᠡᠯ ᠤᠨ ᠰᠢᠪᠠᠭᠤ ᠶᠢᠨ ᠲᠦᠷᠦᠯ᠂ ᠨᠡᠭᠦᠳᠡᠯ ᠤᠨ ᠰᠢᠪᠠᠭᠤ ᠶᠢᠨ ᠨᠡᠭᠦᠳᠡᠯ᠂ ᠲᠣᠭᠤᠷᠢᠨ ᠬᠠᠮᠠᠭᠠᠯᠠᠵᠤ ᠵᠢᠵᠢᠭᠦᠷᠯᠡᠨ ᠰᠠᠬᠢᠬᠤ ᠵᠢᠴᠢ ᠨᠡᠭᠦᠳᠡᠯ ᠤᠨ ᠰᠢᠪᠠᠭᠤ ᠶᠢ ᠬᠠᠮᠠᠭᠠᠯᠠᠬᠤ ᠠᠷᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠪᠠ᠃
      ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠳᠠᠭ᠎ᠠ ᠶᠢᠨ ᠨᠠᠭᠤᠷ ᠤᠨ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠪᠠᠷ ᠢᠮᠠᠭᠲᠠ ᠴᠢᠷᠮᠠᠶᠢᠵᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤᠨ ᠳᠤ ᠰᠠᠶᠢᠨ ᠰᠠᠶᠢᠬᠠᠨ ᠣᠷᠣᠰᠢᠨ ᠠᠮᠢᠳᠤᠷᠠᠬᠤ ᠭᠠᠵᠠᠷ ᠬᠠᠩᠭᠠᠵᠤ᠂ ᠠᠮᠢ ᠠᠬᠤᠶ ᠶᠢᠨ ᠬᠠᠮᠠᠭᠠᠯᠠᠯᠲᠠ ᠪᠠ ᠠᠮᠢ ᠠᠬᠤᠶ ᠶᠢᠨ ᠵᠢᠭᠤᠯᠴᠢᠯᠠᠯ ᠤᠨ ᠰᠢᠨ᠎ᠡ ᠬᠢᠯᠠᠰ ᠴᠡᠭ ᠪᠣᠯᠤᠭᠰᠠᠨ ᠪᠠᠶᠢᠨ᠎ᠠ᠃ ᠬᠤᠶᠢᠰᠢᠳᠠ ᠨᠡᠭᠦᠳᠡᠯ ᠤᠨ ᠰᠢᠪᠠᠭᠤ ᠶᠢᠨ ᠲᠥᠷᠥᠯ ᠵᠡᠷᠭᠡ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠤᠨ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠭᠦᠳᠡᠯ ᠤᠨ ᠰᠢᠪᠠᠭᠤ ᠶᠢᠨ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠨ ᠬᠠᠮᠢᠶᠠᠷᠬᠤ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠪᠣᠯᠤᠨ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠵᠢᠯᠲᠠᠳ ᠢᠯᠡᠷᠬᠡᠶᠢᠯᠡᠬᠦ ᠳᠡᠭᠡᠨ᠂ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠬᠡᠪᠴᠢᠶᠡᠨ ᠳᠣᠲᠣᠷᠠᠬᠢ ᠠᠮᠢᠳᠤ ᠪᠣᠳᠠᠰ ᠤᠨ ᠠᠮᠢ ᠠᠬᠤᠶ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠭᠡᠵᠡᠶ᠃                                      ᠨᠠᠶᠢᠷᠠᠭᠤᠯᠤᠭᠴᠢ᠄  ᠯᠢ ᠬᠤᠩ ᠢᠦᠢ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2