【 ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ】 ᠯᠢᠶᠠᠩᠴᠧᠩ ᠰᠢᠶᠠᠨ᠄ ᠲᠠᠷᠢᠶᠠᠯᠠᠬᠤ ᠴᠠᠭ ᠢ ᠠᠮᠵᠢᠨ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠪᠠ ᠪᠣᠷᠣᠯᠠᠭᠤᠯᠬᠤ ᠶᠢ ᠴᠢᠩᠭ᠎ᠠ ᠠᠳᠬᠤᠨ᠎ᠠ
ᠨᠡᠶᠢᠲᠡᠯᠡᠭᠰᠡᠨ ᠴᠠᠭ᠄
2024/3/25
    ᠣᠶᠢᠷ᠎ᠠ ᠶᠢᠨ ᠡᠳᠦᠷ ᠤᠳ ᠲᠤ᠂ ᠠᠭᠠᠷ ᠤᠨ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ᠂ ᠮᠠᠨ ᠤ ᠰᠢᠶᠠᠨ ᠤ ᠥᠷᠭᠡᠨ ᠣᠯᠠᠨ ᠲᠠᠷᠢᠶᠠᠴᠢᠨ ᠡᠷᠦᠬᠡ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠲᠦᠷᠭᠡᠳᠬᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠱᠠᠯᠠᠪᠳᠠᠨ ᠰᠣᠩᠭᠤᠨ ᠬᠤᠳᠠᠯᠳᠤᠨ ᠠᠪᠴᠤ᠂ ᠰᠢᠨ᠎ᠡ ᠨᠢᠭᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠭᠦᠢᠴᠡᠳ ᠪᠡᠯᠡᠳᠬᠡᠯ ᠬᠢᠵᠦ᠂ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠴᠦ ᠬᠥᠭᠵᠢᠶᠡᠨᠲᠡᠢ ᠪᠣᠯᠵᠣ᠂ ᠰᠢᠶᠠᠨ ᠤ ᠬᠡᠪᠴᠢᠶᠡᠨ ᠤ ᠡᠯ᠎ᠡ ᠲᠠᠷᠢᠶᠠᠯᠠᠩ ᠤᠨ ᠮᠠᠰᠢᠨ ᠤ ᠪᠣᠷᠣᠯᠠᠭᠤᠯᠭ᠎ᠠ ᠶᠢᠨ ᠴᠡᠭ ᠴᠦ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠦᠨᠳᠦᠰᠦᠯᠡᠨ᠂ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠭᠦᠢᠴᠡᠳ ᠪᠡᠯᠡᠳᠬᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠵᠤ ᠪᠠᠶᠢᠨ᠎ᠠ᠃     ᠰᠢᠩ ᠰᠢᠨ ᠲᠠᠷᠢᠶᠠᠯᠠᠩ ᠤᠨ ᠮᠠᠰᠢᠨ ᠤ ᠪᠣᠷᠣᠯᠠᠭᠤᠯᠬᠤ ᠴᠡᠭ ᠲᠤ ᠬᠦᠷᠬᠦ ᠳᠤ᠂ ᠰᠤᠷᠪᠤᠯᠵᠢᠯᠠᠭᠴᠢ ᠲᠠᠷᠢᠬᠤ ᠮᠠᠰᠢᠨ᠂ ᠭᠤᠤᠷᠰᠤ ᠤᠰᠠᠳᠬᠠᠬᠤ ᠮᠠᠰᠢᠨ᠂ ᠪᠦᠷᠬᠦᠭᠦᠯ ᠪᠦᠷᠬᠦᠬᠦ ᠮᠠᠰᠢᠨ ᠵᠡᠷᠭᠡ ᠡᠯ᠎ᠡ ᠵᠦᠢᠯ ᠤᠨ ᠰᠢᠨ᠎ᠡ ᠮᠠᠶ᠋ᠢᠭ ᠤᠨ ᠲᠠᠷᠢᠶᠠᠯᠠᠩ ᠤᠨ ᠮᠠᠰᠢᠨ ᠪᠠᠭᠠᠵᠢ ᠪᠦᠷᠢᠨ ᠭᠦᠢᠴᠡᠳ ᠪᠠᠶᠢᠬᠤ ᠶᠢ ᠣᠯᠵᠤ ᠬᠠᠷᠠᠵᠤ᠂ ᠲᠠᠷᠢᠶᠠᠴᠢᠨ ᠡᠷᠦᠬᠡ ᠮᠠᠰᠢᠨ ᠤ ᠬᠡᠯᠪᠡᠷᠢ ᠶᠢ ᠨᠠᠷᠢᠨ ᠬᠢᠨᠠᠮᠠᠭᠠᠢ ᠰᠣᠩᠭᠤᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠡᠯᠡᠳᠬᠡᠯ ᠬᠢᠪᠡ᠃ ᠰᠢᠩ ᠰᠢᠨ ᠲᠠᠷᠢᠶᠠᠯᠠᠩ ᠤᠨ ᠮᠠᠰᠢᠨ ᠤ ᠪᠣᠷᠣᠯᠠᠭᠤᠯᠭ᠎ᠠ ᠶᠢᠨ ᠴᠡᠭ ᠤᠨ ᠬᠠᠷᠢᠭᠤᠴᠠᠯᠭᠠᠲᠠᠨ ᠭᠦᠸᠧ ᠡᠯ ᠮᠤᠤ᠄ ︽ᠪᠠᠰᠠ ᠨᠢᠭᠡ ᠵᠢᠯ ᠨᠢᠭᠡ ᠤᠯᠠᠷᠢᠯ ᠤᠨ ᠬᠠᠪᠤᠷ ᠤᠨ ᠲᠠᠷᠢᠶᠠᠯᠠᠭ᠎ᠠ ᠶᠢᠨ ᠴᠠᠭ ᠪᠣᠯᠵᠠᠶ᠂ ᠪᠢᠳᠡ ᠰᠢᠨ ᠰᠢᠨ ᠲᠠᠷᠢᠶᠠᠯᠠᠩ ᠤᠨ ᠮᠠᠰᠢᠨ ᠡᠷᠲᠡ ᠠᠴᠠ ᠪᠠᠷᠠᠭᠠᠨ ᠤ ᠢᠷᠡᠯᠳᠡ ᠶᠢ ᠭᠦᠢᠴᠡᠳ ᠪᠡᠯᠡᠳᠬᠡᠵᠦ᠂ ᠲᠠᠷᠢᠶᠠᠴᠢᠨ ᠨᠠᠶᠢᠵᠠ ᠨᠠᠷ ᠤᠨ ᠴᠢᠨᠠᠷ ᠰᠠᠶᠢᠲᠠᠶ᠂ ᠣᠷᠴᠢᠨ ᠲᠣᠭᠤᠷᠢᠨ ᠤ ᠬᠠᠮᠠᠭᠠᠯᠠᠯᠲᠠ᠂ ᠥᠨᠳᠥᠷ ᠪᠦᠲᠦᠮᠵᠢᠲᠡᠶ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠬᠤᠳᠠᠯᠳᠤᠨ ᠠᠪᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃     ᠳ᠋ᠦᠩ ᠹᠧᠩ ᠲᠠᠷᠢᠶᠠᠯᠠᠩ ᠤᠨ ᠮᠠᠰᠢᠨ ᠤ ᠪᠣᠷᠣᠯᠠᠭᠤᠯᠬᠤ ᠴᠡᠭ ᠲᠤ᠂ ᠠᠳᠡ ᠲᠤᠩ ᠶᠠᠭᠠᠷᠠᠯᠳᠤᠵᠤ ᠪᠠᠶᠢᠨ᠎ᠠ᠃ ᠡᠯ᠎ᠡ ᠵᠦᠢᠯ ᠤᠨ ᠬᠡᠯᠪᠡᠷᠢ ᠮᠠᠶ᠋ᠢᠭ ᠤᠨ ᠲᠣᠮᠣ ᠳᠤᠮᠳᠠ ᠬᠡᠯᠪᠡᠷᠢ ᠶᠢᠨ ᠲᠷᠠᠺᠲ᠋ᠣᠷ᠂ ᠡᠷᠭᠢᠯᠳᠦᠨ ᠬᠠᠭᠠᠯᠪᠤᠷᠢᠯᠠᠬᠤ ᠮᠠᠰᠢᠨ ᠵᠡᠷᠭᠡ ᠲᠠᠷᠢᠶᠠᠯᠠᠩ ᠤᠨ ᠮᠠᠰᠢᠨ ᠬᠡᠷᠡᠭᠰᠡᠯ ᠬᠢᠭᠡᠳ ᠰᠡᠯᠪᠢᠭ ᠲᠣᠨᠤᠭ ᠤᠨ ᠲᠥᠷᠥᠯ ᠵᠦᠢᠯ ᠨᠢ ᠪᠦᠷᠢᠨ ᠭᠦᠢᠴᠡᠳ ᠪᠠᠶᠢᠵᠦ᠂ ᠲᠡᠷᠢ ᠲᠡᠭᠰᠢ ᠵᠢᠭᠰᠠᠭᠠᠨ ᠵᠢᠭᠰᠠᠭᠠᠨ᠎ᠠ᠃ ᠬᠡᠳᠦᠨ ᠲᠣᠰᠬᠤᠨ ᠤ ᠠᠷᠠᠳ ᠲᠠᠷᠢᠶᠠᠯᠠᠩ ᠤᠨ ᠮᠠᠰᠢᠨ ᠤ ᠬᠠᠵᠠᠭᠤ ᠪᠠᠷ ᠨᠠᠷᠢᠨ ᠨᠢᠮᠪᠠᠶ ᠰᠢᠯᠢᠨ ᠰᠣᠩᠭᠤᠵᠤ᠂ ᠨᠠᠷᠢᠨ ᠬᠢᠨᠠᠮᠠᠭᠠᠶ ᠰᠢᠯᠢᠨ ᠰᠣᠩᠭᠤᠵᠤ᠂ ᠲᠡᠳᠡ ᠬᠠᠪᠤᠷ ᠤᠨ ᠲᠠᠷᠢᠶᠠᠯᠠᠭ᠎ᠠ ᠬᠦᠷᠴᠦ ᠢᠷᠡᠬᠦ ᠠᠴᠠ ᠡᠮᠦᠨ᠎ᠡ ᠨᠢᠭᠡ ᠰᠢᠨ᠎ᠡ ᠪᠦᠷᠬᠦᠪᠴᠢ ᠪᠦᠷᠬᠦᠬᠦ ᠮᠠᠰᠢᠨ ᠢ ᠰᠣᠩᠭᠤᠨ ᠬᠤᠳᠠᠯᠳᠤᠨ ᠠᠪᠤᠶ᠎ᠠ᠄ ︽ᠪᠢ ᠲᠠᠪᠤᠨ ᠵᠠᠭᠤ ᠭᠠᠷᠤᠶ ᠮᠥ ᠲᠠᠷᠢᠶᠠᠨ ᠭᠠᠵᠠᠷ ᠳᠠᠷᠢᠵᠤ᠂ ᠮᠢᠨᠦ ᠵᠢᠯ ᠪᠦᠷᠢ ᠶᠢᠨ ᠮᠠᠰᠢᠨ ᠴᠥᠮ ᠬᠥᠮᠦᠨ ᠤ ᠠᠳᠡ ᠠᠴᠠ ᠬᠤᠳᠠᠯᠳᠤᠨ ᠠᠪᠤᠭᠰᠠᠨ ᠪᠠᠶᠢᠨ᠎ᠠ᠂ ᠡᠨᠡ ᠡᠳᠦᠷ ᠤᠨ ᠮᠠᠰᠢᠨ ᠤ ᠴᠢᠨᠠᠷ ᠮᠠᠰᠢ ᠰᠠᠶᠢᠨ ᠪᠠᠶᠢᠵᠤ᠂ ᠬᠤᠳᠠᠯᠳᠤᠭᠰᠠᠨ ᠤ ᠳᠠᠷᠠᠭᠠᠬᠢ ᠤᠶᠢᠯᠡᠴᠢᠯᠡᠭᠡ ᠨᠢ ᠴᠦ ᠰᠠᠶᠢᠨ ᠪᠢᠰᠢ᠂ ᠮᠢᠨᠦ ᠡᠮᠦᠨ᠎ᠡ ᠲᠠᠷᠢᠭᠰᠠᠨ ᠬᠠᠭᠠᠰ ᠪᠦᠷᠬᠦᠭᠦᠯ ᠤᠨ ᠮᠠᠰᠢᠨ ᠡᠨᠡ ᠵᠢᠯ ᠪᠦᠷᠢᠨ ᠪᠦᠷᠬᠦᠭᠦᠯ ᠤᠨ ᠮᠠᠰᠢᠨ ᠢ ᠰᠣᠩᠭᠤᠶ᠎ᠠ᠂ ᠪᠢ ᠨᠢᠭᠡ ᠰᠠᠭᠤᠷᠢ ᠪᠦᠷᠢᠨ ᠪᠦᠷᠬᠦᠭᠦᠯ ᠤᠨ ᠮᠠᠰᠢᠨ ᠢ ᠰᠣᠩᠭᠤᠶ᠎ᠠ︾᠃     ᠣᠶᠢᠷ᠎ᠠ ᠶᠢᠨ ᠵᠢᠯ ᠤᠳ ᠲᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ᠂ ᠠᠵᠢᠯ ᠤᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠳᠠᠭᠠᠯᠳᠤᠨ᠂ ᠲᠠᠷᠢᠶᠠᠯᠠᠩ ᠤᠨ ᠮᠠᠰᠢᠨ ᠪᠠᠭᠠᠵᠢ ᠨᠢ ᠨᠢᠭᠡᠨᠲᠡ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠭᠤᠣᠯ ᠬᠦᠴᠦᠨ︾ ᠪᠣᠯᠤᠭᠰᠠᠨ ᠪᠠᠶᠢᠨ᠎ᠠ᠃ ᠪᠣᠷᠣᠯᠠᠭᠤᠯᠭ᠎ᠠ ᠶᠢᠨ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ ᠪᠦᠬᠦ ᠰᠢᠶᠠᠨ ᠤ ᠡᠯ᠎ᠡ ᠲᠠᠷᠢᠶᠠᠯᠠᠩ ᠤᠨ ᠮᠠᠰᠢᠨ ᠤ ᠪᠣᠷᠣᠯᠠᠭᠤᠯᠭ᠎ᠠ ᠶᠢᠨ ᠴᠡᠭ ᠨᠢ ᠮᠠᠰᠢᠨ ᠬᠤᠳᠠᠯᠳᠤᠨ ᠠᠪᠬᠤ ᠦᠨ᠎ᠡ ᠬᠠᠩᠰᠢ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠲᠠᠯ᠎ᠠ ᠪᠠᠷ ᠴᠥᠮ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠢᠳᠡᠪᠬᠢᠵᠢᠯ ᠢ ᠬᠥᠭᠵᠢᠭᠡᠵᠦ᠂ ᠰᠢᠨ᠎ᠡ ᠨᠢᠭᠡ ᠵᠢᠯ ᠤᠨ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠳᠤ ᠰᠠᠭᠤᠷᠢ ᠲᠠᠯᠪᠢᠵᠤ ᠥᠭᠴᠡᠢ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2