ᠯᠢᠶᠠᠩᠴᠧᠩ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠵᠥᠪ ᠣᠨᠣᠪᠴᠢᠲᠠᠶ ᠠᠮᠢᠳᠤᠷᠠᠬᠤᠢ ᠶᠢᠨ ᠦᠵᠡᠯᠲᠡ ᠶᠢᠨ ᠦᠵᠡᠯᠲᠡ ᠶᠢ ᠪᠣᠶ ᠪᠣᠯᠭᠠᠪᠠ
ᠨᠡᠶᠢᠲᠡᠯᠡᠭᠰᠡᠨ ᠴᠠᠭ᠄
2024/3/25
   ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠮᠥᠨ᠂ ᠪᠠᠰᠠ ᠴᠤ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠶᠢᠨ ᠴᠢᠬᠤᠯᠠ ᠪᠠᠲᠤᠯᠠᠭ᠎ᠠ ᠮᠥᠨ᠃ ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠦᠨ᠎ᠡ᠃ ᠢᠯᠠᠩᠭᠤᠶ᠎ᠠ ᠡᠨᠡ ᠵᠢᠯ ᠠᠴᠠ ᠨᠠᠰᠢ᠂ ᠯᠢᠶᠠᠩᠴᠧᠩ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠯᠠᠪᠳᠠᠭᠤᠨ ᠪᠠᠲᠤᠲᠠᠶ ᠥᠷᠨᠢᠭᠦᠯᠵᠦ᠂ ᠪᠠᠶᠠᠯᠢᠭ ᠰᠠᠶᠢᠬᠠᠨ ᠵᠢᠭᠠᠨ ᠰᠤᠷᠭᠠᠯᠲᠠ ᠶᠢᠨ ᠬᠡᠯᠪᠡᠷᠢ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠠᠮᠢᠳᠤᠷᠠᠬᠤᠶ ᠶᠢᠨ ᠦᠵᠡᠯᠲᠡ᠂ ᠥᠷᠲᠡᠭ ᠤᠨ ᠦᠵᠡᠯᠲᠡ ᠶᠢ ᠪᠣᠶ ᠪᠣᠯᠭᠠᠵᠤ᠂ ᠵᠠᠯᠠᠭᠤᠴᠤᠳ ᠪᠠᠭᠠᠴᠤᠳ ᠤᠨ ᠤᠯᠤᠰ ᠪᠠ ᠨᠡᠶᠢᠭᠡᠮ ᠤᠨ ᠲᠤᠬᠠᠶ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠪᠡ᠃     ᠯᠢᠶᠠᠩᠴᠧᠩ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠬᠢᠴᠢᠶᠡᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ᠂ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠣᠨᠣᠯ ᠤᠨ ᠮᠡᠳᠡᠯᠭᠡ ᠤᠯᠠᠮᠵᠢᠯᠠᠭᠰᠠᠨ ᠮᠥᠷᠲᠡᠭᠡᠨ ᠪᠠᠰᠠ ᠦᠢᠯᠡᠳᠦᠯᠭᠡ ᠶᠢᠨ ᠠᠵᠢᠯᠯᠠᠭ᠎ᠠ ᠶᠢᠨ ᠲᠣᠬᠢᠷᠠᠭᠤᠯᠤᠯᠲᠠ ᠪᠠᠶᠢᠨ᠎ᠠ᠃ ᠲᠡᠦᠬᠡ ᠶᠢᠨ ᠬᠡᠷᠡᠭ ᠶᠠᠪᠤᠳᠠᠯ ᠢ ᠲᠠᠶᠢᠯᠪᠤᠷᠢᠯᠠᠬᠤ᠂ ᠶᠣᠰᠣ ᠰᠤᠷᠲᠠᠬᠤᠨ ᠤ ᠬᠠᠤᠯᠢ ᠪᠠᠷ ᠵᠠᠰᠠᠬᠤ ᠶᠢ ᠢᠯᠡ ᠪᠣᠯᠭᠠᠬᠤ ᠬᠢᠴᠢᠶᠡᠯ ᠢ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠦᠵᠡᠭᠳᠡᠯ ᠢ ᠵᠠᠳᠠᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠬᠥᠭᠵᠢᠯᠲᠡ᠂ ᠨᠡᠶᠢᠭᠡᠮ ᠤᠨ ᠳᠠᠪᠰᠢᠯᠲᠠ ᠬᠢᠭᠡᠳ ᠬᠤᠪᠢ ᠬᠥᠮᠦᠨ ᠤ ᠦᠰᠦᠨ ᠪᠤᠶᠢᠵᠢᠯᠲᠠ ᠶᠢᠨ ᠬᠠᠷᠢᠴᠠᠭ᠎ᠠ ᠶᠢ ᠭᠦᠨᠵᠡᠭᠡᠶ ᠪᠣᠳᠣᠯᠬᠢᠯᠠᠭᠤᠯᠤᠨ᠎ᠠ᠃    ᠯᠢᠶᠠᠩᠴᠧᠩ ᠰᠢᠶᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠵᠢᠭᠠᠨ ᠰᠤᠷᠭᠠᠬᠤ ᠠᠷᠭ᠎ᠠ ᠶᠢᠨ ᠲᠠᠯ᠎ᠠ ᠪᠠᠷ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠣᠯᠠᠨ ᠵᠠᠭᠤᠴᠢ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠵᠢᠭᠠᠨ ᠰᠤᠷᠭᠠᠯᠲᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠠᠩ ᠠᠮᠢᠳᠤᠯᠢᠭ ᠪᠥᠭᠡᠳ ᠰᠣᠨᠢᠷᠬᠠᠯᠲᠠᠶ ᠪᠣᠯᠭᠠᠪᠠ᠃ ᠪᠠᠭᠰᠢ ᠨᠠᠷ ᠸᠢᠳᠢᠣ᠋ ᠨᠡᠪᠲᠡᠷᠡᠭᠦᠯᠬᠦ᠂ ᠭᠡᠷᠡᠯ ᠵᠢᠷᠤᠭ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠶᠢᠰᠪᠦᠷᠢ ᠤᠨᠤᠯ ᠤᠨ ᠮᠡᠳᠡᠯᠭᠡ ᠶᠢ ᠪᠣᠳᠠᠲᠠᠶᠢᠵᠢᠭᠤᠯᠵᠤ᠂ ᠰᠤᠷᠤᠭᠴᠢᠳ ᠲᠤ ᠨᠡᠩ ᠠᠮᠠᠷᠬᠠᠨ ᠣᠶᠢᠯᠠᠭᠠᠭᠤᠯᠬᠤ ᠪᠠ ᠬᠦᠯᠢᠶᠡᠨ ᠠᠪᠬᠠᠭᠤᠯᠪᠠ᠃     ᠡᠭᠦᠨ ᠤ ᠬᠠᠮᠲᠤ᠂ ᠡᠯ᠎ᠡ ᠰᠤᠷᠭᠠᠭᠤᠯᠢ ᠶᠢᠨ ᠪᠠᠭᠰᠢ ᠨᠠᠷ ᠪᠠᠰᠠ ᠰᠤᠷᠤᠭᠴᠢᠳ ᠲᠠᠢ ᠬᠠᠷᠢᠯᠴᠠᠬᠤ ᠶᠢ ᠴᠢᠬᠤᠯᠠᠴᠢᠯᠠᠵᠤ᠂ ᠰᠤᠷᠤᠭᠴᠢᠳ ᠤᠨ ᠠᠰᠠᠭᠤᠳᠠᠯ ᠳᠤᠷᠠᠳᠴᠤ᠂ ᠦᠵᠡᠯᠲᠡ ᠪᠠᠨ ᠨᠡᠶᠢᠲᠡᠯᠡᠬᠦ ᠶᠢ ᠵᠣᠷᠢᠭᠵᠢᠭᠤᠯᠵᠤ᠂ ᠰᠠᠶᠢᠨ ᠰᠠᠶᠢᠬᠠᠨ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ ᠪᠣᠶ ᠪᠣᠯᠭᠠᠪᠠ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠥᠷᠨᠢᠭᠦᠯᠬᠦ ᠪᠠᠷ ᠳᠠᠮᠵᠢᠭᠤᠯᠵᠤ᠂ ᠶᠡᠭᠡ ᠶᠣᠰᠣ ᠶᠢ ᠪᠠᠭ᠎ᠠ ᠦᠯᠢᠭᠡᠷ ᠪᠣᠯᠭᠠᠨ ᠬᠤᠪᠢᠷᠠᠭᠤᠯᠵᠤ᠂ ᠪᠠᠭ᠎ᠠ ᠦᠯᠢᠭᠡᠷ ᠢᠶᠠᠷ ᠶᠡᠭᠡ ᠶᠣᠰᠣ ᠶᠢ ᠰᠡᠩᠬᠡᠷᠡᠭᠦᠯᠵᠦ᠂ ᠪᠠᠭ᠎ᠠ ᠪᠠᠷ ᠶᠡᠭᠡ ᠲᠠᠯ᠎ᠠ ᠶᠢ ᠦᠵᠡᠵᠦ᠂ ᠢᠳᠡᠪᠬᠢ ᠬᠦᠴᠦᠨ ᠢ ᠤᠯᠠᠮᠵᠢᠯᠠᠵᠤ᠂ ᠦᠨᠡᠨ ᠰᠠᠶᠢᠨ ᠰᠠᠶᠢᠬᠠᠨ ᠰᠠᠶᠢᠬᠠᠨ ᠢ ᠬᠤᠪᠢᠶᠠᠯᠴᠠᠵᠤ᠂ ᠰᠤᠷᠤᠭᠴᠢᠳ ᠤᠨ ᠰᠠᠶᠢᠨ ᠰᠠᠶᠢᠬᠠᠨ ᠶᠣᠰᠣ ᠰᠤᠷᠲᠠᠬᠤᠨ ᠵᠠᠩ ᠴᠢᠨᠠᠷ ᠢ ᠬᠥᠮᠦᠵᠢᠭᠦᠯᠵᠦ᠂ ᠥᠷᠭᠡᠨ ᠤᠯᠠᠨ ᠪᠠᠭᠰᠢ ᠰᠤᠷᠤᠭᠴᠢᠳ ᠢ ᠬᠦᠳᠦᠯᠦᠨ ᠵᠢᠯᠣᠭᠤᠳᠴᠤ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠨ᠎ᠠ᠃    ᠯᠢᠶᠠᠩᠴᠧᠩ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠭᠤᠷᠪᠠᠳᠤᠭᠠᠷ ᠠᠩᠭᠢ ᠶᠢᠨ ᠵᠦᠨᠠ᠄ ︽ᠨᠢᠳᠤᠨᠤᠨ ᠤ ᠲᠠᠪᠤᠳᠤᠭᠠᠷ ᠰᠠᠷ᠎ᠠ ᠳᠤ᠂ ᠰᠤᠷᠭᠠᠭᠤᠯᠢ ᠠᠴᠠ ᠪᠢᠳᠡᠨ ᠢ ᠵᠣᠬᠢᠶᠠᠨ ᠪᠠᠶᠢᠭᠤᠯᠤᠨ ︿ᠬᠤᠪᠢᠰᠬᠠᠯ ᠤᠨ ᠤᠯᠠ ᠮᠥᠷ ᠢ ᠬᠥᠭᠡᠭᠡᠴᠡᠯᠳᠦᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ﹀ ᠨᠡᠶᠢᠭᠡᠮ ᠤᠨ ᠰᠤᠳᠤᠯᠤᠨ ᠰᠤᠷᠤᠯᠴᠠᠬᠤ ᠠᠵᠢᠯᠯᠠᠭ᠎ᠠ ᠳᠤ ᠣᠷᠣᠯᠴᠠᠭᠤᠯᠵᠤ᠂ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠢᠳᠡ ᠰᠤᠷᠭᠠᠭᠤᠯᠢ ᠶᠢᠨ ᠬᠦᠷᠢᠶᠡᠨ ᠠᠴᠠ ᠭᠠᠷᠴᠤ᠂ ᠲᠡᠦᠬᠡ ᠳᠤ ᠣᠷᠣᠵᠤ᠂ ᠨᠤᠲᠤᠭ ᠤᠰᠤᠨ ᠳᠠᠭᠠᠨ ᠭᠠᠷᠴᠤ ᠥᠩᠭᠡᠷᠡᠭᠰᠡᠨ ᠦᠯᠢᠭᠡᠷ ᠢ ᠪᠡᠶᠡᠴᠢᠯᠡᠨ ᠣᠶᠢᠯᠠᠭᠠᠭᠰᠠᠨ ᠨᠢ ᠪᠠᠰᠠ ᠪᠢᠳᠡᠨ ᠤ ᠬᠠᠷᠠᠭ᠎ᠠ ᠶᠢ ᠥᠷᠭᠡᠳᠬᠡᠵᠦ᠂ ᠵᠣᠷᠢᠭ ᠰᠠᠨᠠᠭ᠎ᠠ ᠪᠠᠨ      ᠳᠠᠪᠲᠠᠨ ᠪᠣᠯᠪᠠᠰᠤᠷᠠᠭᠤᠯᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠬᠦᠰᠡᠯᠡᠩ ᠢᠲᠡᠭᠡᠯ ᠪᠢᠰᠢᠷᠡᠯ ᠢ ᠪᠤᠢ ᠪᠣᠯᠭᠠᠪᠠ᠃    ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠᠷ ᠳᠠᠮᠵᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠠᠬᠢᠭᠤᠯᠤᠭᠰᠠᠨ ᠪᠥᠭᠡᠳ ᠢᠯᠡᠳᠲᠡ ᠦᠷ᠎ᠡ ᠪᠦᠲᠦᠮᠵᠢ ᠤᠯᠪᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠹᠠᠨ ᠯᠢ ᠲᠢᠩ᠄ ︽ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠢ ᠬᠥᠲᠥᠯᠦᠨ ᠵᠢᠯᠣᠭᠤᠳᠴᠤ ᠪᠠᠶᠢᠭᠠᠳ ᠬᠠᠮᠲᠤ ᠰᠤᠷᠤᠬᠴᠢ ᠪᠤᠰᠤ ᠱᠠᠲᠤᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠢᠴᠢᠶᠡᠯ ᠤᠨ ᠬᠠᠷᠠᠯᠲᠠ᠂ ᠬᠢᠴᠢᠶᠡᠯ ᠤᠨ ᠰᠢᠰᠲ᠋ᠧᠮ᠂ ᠬᠢᠴᠢᠶᠡᠯ ᠤᠨ ᠠᠭᠤᠯᠭ᠎ᠠ ᠵᠡᠷᠭᠡ ᠶᠢ ᠡᠵᠡᠮᠰᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ ᠶᠢᠨ ᠵᠢᠮ᠎ᠡ ᠶᠣᠰᠣ ᠶᠢ ᠨᠠᠩ ᠰᠠᠶᠢᠲᠤᠷ ᠡᠵᠡᠮᠰᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠵᠤ᠂ ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠠᠵᠢᠯ ᠢ ᠰᠠᠶᠢᠲᠤᠷ ᠪᠥᠲᠥᠭᠡᠨ ᠪᠠᠶᠢᠭᠤᠯᠤᠨ᠎ᠠ᠃                                          ᠨᠠᠶᠢᠷᠠᠭᠤᠯᠤᠭᠴᠢ᠄  ᠯᠢ ᠬᠤᠩ ᠢᠦᠢ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2