ᠮᠠᠨ ᠤ ᠰᠢᠶᠠᠨ 2024 ᠣᠨ ᠤ ︽ᠳᠡᠯᠡᠬᠡᠶ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/25
   2024 ᠣᠨ ᠤ 3 ᠰᠠᠷ᠎ᠠ ᠶᠢᠨ 22 ᠤᠨ ᠡᠳᠦᠷ ᠪᠣᠯ ᠭᠤᠴᠢᠨ ᠬᠤᠶᠠᠳᠤᠭᠠᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾ ᠪᠣᠯᠤᠨ᠎ᠠ᠂ ᠡᠭᠦᠨ ᠤ ᠬᠠᠮᠲᠤ 3 ᠰᠠᠷ᠎ᠠ ᠶᠢᠨ 22 ᠠᠴᠠ 28 ᠤ ᠡᠳᠦᠷ ᠪᠣᠯ ᠭᠤᠴᠢᠨ ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠭᠠᠷᠠᠭ︾ ᠪᠣᠯᠤᠨ᠎ᠠ᠃ ᠥᠷᠭᠡᠨ ᠤᠯᠠᠨ ᠬᠤᠳᠠ ᠶᠢᠨ ᠠᠷᠠᠳ ᠤᠨ ᠤᠰᠤ ᠠᠷᠪᠢᠯᠠᠬᠤ ᠤᠬᠠᠮᠰᠠᠷ ᠢ ᠤᠷᠢᠶᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠯᠢᠶᠠᠩᠴᠧᠩ ᠰᠢᠶᠠᠨ ︽ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠰᠠᠶᠢᠲᠤᠷ ᠬᠡᠷᠡᠭᠯᠡᠵᠦ ᠰᠠᠶᠢᠲᠤᠷ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠬᠤ︾ ᠪᠠᠷ ᠭᠤᠣᠯ ᠰᠡᠳᠦᠪ ᠪᠣᠯᠭᠠᠭᠰᠠᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠤᠯᠠᠨ ᠵᠦᠢᠯ ᠤᠨ ᠠᠵᠢᠯᠯᠠᠭ᠎ᠠ ᠥᠷᠨᠢᠭᠦᠯᠪᠡ᠃
    ᠳ᠋ᠠᠢ ᠬᠠ ᠠᠭᠤᠳᠠᠮ ᠲᠠᠯᠠᠪᠠᠢ ᠳᠤ᠂ ᠤᠰᠤᠨ ᠠᠰᠢᠭᠯᠠᠯᠲᠠ ᠶᠢᠨ ᠲᠣᠪᠴᠢᠶᠠᠨ ᠤ 30 ᠭᠠᠷᠤᠢ ᠠᠵᠢᠯᠲᠠᠨ ᠲᠤᠬᠠᠢ ᠶᠢᠨ ᠲᠠᠯᠠᠪᠠᠢ ᠳᠤ ᠤᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠤᠬᠠᠭᠤᠯᠭ᠎ᠠ ᠶᠢᠨ ᠬᠠᠭᠤᠳᠠᠰᠤ ᠵᠢᠴᠢ ︽ᠤᠰᠤ ᠶᠢ ᠠᠷᠪᠢᠯᠠᠨ ᠬᠡᠷᠡᠭᠯᠡᠬᠦ ᠶᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ︾᠂ ︽ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠶᠡᠷᠦ ᠶᠢᠨ ᠮᠡᠳᠡᠯᠭᠡ︾ ᠶᠢᠨ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠡᠭᠦᠨ ᠤ ᠬᠠᠮᠲᠤ ᠤᠯᠠᠨ ᠲᠦᠮᠡᠨ ᠳᠤ ᠤᠰᠤ ᠠᠷᠪᠢᠯᠠᠬᠤ ᠤᠬᠠᠭᠤᠯᠭ᠎ᠠ ᠶᠢᠨ ᠤᠭᠤᠲᠠ᠂ ᠬᠦᠵᠦᠭᠦᠨ ᠤ ᠣᠷᠢᠶᠠᠯᠲᠠ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃ ᠠᠵᠢᠯᠲᠠᠳ ᠬᠦᠯᠢᠴᠡᠩᠭᠦᠶ ᠪᠠᠷ ᠣᠯᠠᠨ ᠲᠦᠮᠡᠨ ᠳᠤ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠦᠨ ᠥᠭᠴᠦ᠂ ᠥᠷᠭᠡᠨ ᠣᠯᠠᠨ ᠲᠦᠮᠡᠨ ᠳᠤ ᠪᠥᠬᠦ ᠰᠢᠶᠠᠨ ᠤ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ ᠪᠠ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠣᠯᠠᠨ ᠲᠦᠮᠡᠨ ᠤ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠢ ᠤᠬᠠᠮᠰᠠᠷ ᠠᠴᠠ ᠪᠠᠨ ᠠᠷᠪᠢᠯᠠᠬᠤ ᠬᠡᠷᠡᠭᠲᠡᠶ᠃    ᠠᠵᠢᠯᠲᠠᠳ ᠪᠠᠰᠠ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠳᠤ ᠬᠦᠷᠴᠦ᠂ ︽ᠤᠰᠤ ᠠᠷᠪᠢᠯᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠤᠰᠤᠨ ᠠᠰᠢᠭᠯᠠᠯᠲᠠ ᠶᠢᠨ ᠲᠣᠪᠴᠢᠶᠠᠨ ᠤ ᠠᠵᠢᠯᠲᠠᠳ ᠡᠩ ᠲᠡᠷᠢᠭᠦᠨ ᠳᠤ ᠰᠤᠷᠤᠭᠴᠢᠳ ᠲᠤ 30 ᠭᠠᠷᠤᠶ ᠬᠠᠶᠢᠷᠴᠠᠭ A4 ᠠᠵᠢᠯᠯᠠᠬᠤ ᠴᠠᠭᠠᠰᠤ ᠬᠦᠷᠭᠡᠵᠦ᠂ ᠵᠠᠯᠭᠠᠭᠠᠳ ᠪᠠᠭᠰᠢ ᠰᠤᠷᠤᠭᠴᠢᠳ ᠲᠤ ᠳᠡᠯᠡᠬᠡᠶ ᠶᠢᠨ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ᠂ ᠮᠠᠨ ᠤ ᠤᠯᠤᠰ ᠤᠨ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ᠂ ᠳᠡᠯᠡᠬᠡᠶ ᠶᠢᠨ ᠤᠰᠤᠨ ᠤ ᠪᠣᠬᠢᠷᠲᠤᠯ ᠤᠨ ᠠᠰᠠᠭᠤᠳᠠᠯ ᠢ ᠲᠠᠶᠢᠯᠪᠤᠷᠢᠯᠠᠨ ᠥᠭᠴᠦ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠤᠰᠤ ᠶᠢ ᠠᠷᠪᠢᠯᠠᠨ ᠬᠡᠷᠡᠭᠯᠡᠬᠦ ᠶᠢ ᠰᠠᠨᠠᠭᠠᠴᠢᠯᠠᠵᠤ᠂ ᠤᠰᠤ ᠶᠢ ᠠᠷᠪᠢᠯᠠᠨ ᠬᠡᠷᠡᠭᠯᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠤᠰᠤ ᠶᠢ ᠠᠷᠪᠢᠯᠠᠨ ᠬᠡᠷᠡᠭᠯᠡᠬᠦ ᠶᠢᠨ ᠴᠢᠬᠤᠯᠠ ᠴᠢᠨᠠᠷ ᠢ ᠲᠠᠨᠢᠭᠤᠯᠪᠠ᠃ ᠡᠴᠦᠰ ᠲᠤ᠂ ︽ᠤᠰᠤ ᠠᠷᠪᠢᠯᠠᠬᠤ ᠳᠠᠭᠤᠤ︾ ᠪᠠᠷ ᠲᠣᠰ ᠤᠳᠠᠭᠠᠨ ᠤ ᠲᠠᠶᠢᠯᠤᠮᠵᠢ ᠶᠢ ᠳᠠᠭᠤᠰᠬᠠᠪᠠ᠃    ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠯᠪᠠᠨ ᠬᠡᠷ ᠤᠨ ᠡᠷᠬᠢᠯᠡᠭᠴᠢ ᠭᠦᠸᠧ ᠵᠧᠨ ᠳ᠋ᠧ᠄ ︽ᠯᠢᠶᠠᠩᠴᠧᠩ ᠰᠢᠶᠠᠨ ᠤ ᠤᠰᠤᠨ ᠤ ᠡᠬᠢ ᠪᠠᠶᠠᠯᠢᠭ ᠬᠠᠷᠢᠴᠠᠩᠭᠤᠶ ᠪᠠᠷ ᠳᠤᠲᠠᠭᠳᠠᠵᠤ ᠪᠠᠶᠢᠭ᠎ᠠ ᠪᠥᠭᠡᠳ ᠬᠥᠮᠦᠨ ᠳᠤᠮᠳᠠᠴᠢ ᠶᠢᠨ ᠭᠠᠵᠠᠷ ᠳᠣᠤᠷᠠᠬᠢ ᠤᠰᠤᠨ ᠤ ᠠᠰᠢᠭᠯᠠᠵᠤ ᠪᠣᠯᠬᠤ ᠬᠡᠮᠵᠢᠶ᠎ᠡ ᠪᠠᠷᠤᠭ 255 ᠪᠣᠰᠤᠭ᠎ᠠ ᠳᠥᠷᠪᠡᠯᠵᠢᠨ‌ᠮᠧᠲᠷ ᠪᠠᠶᠢᠵᠤ᠂ ᠠᠵᠤ ᠦᠢᠯᠡᠳᠪᠦᠷᠢ᠂ ᠲᠠᠷᠢᠶᠠᠯᠠᠩ᠂ ᠠᠮᠢᠳᠤᠷᠠᠯ᠂ ᠠᠮᠢ ᠠᠬᠤᠶ ᠵᠡᠷᠭᠡ ᠤᠰᠤ ᠬᠡᠷᠡᠭᠯᠡᠬᠦ ᠬᠡᠷᠡᠭᠴᠡᠭᠡ ᠵᠢᠯ ᠳᠠᠷᠠᠭᠠᠯᠠᠨ ᠨᠡᠮᠡᠭᠳᠡᠵᠦ᠂ ᠠᠰᠢᠭᠯᠠᠵᠤ ᠪᠣᠯᠬᠤ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠬᠦᠷᠦᠯᠴᠡᠬᠦ ᠥᠬᠡᠶ ᠪᠠᠶᠢᠨ᠎ᠠ᠂ ᠡᠶᠢᠮᠦ ᠠᠴᠠ ᠪᠢᠳᠡ ᠤᠰᠤ ᠠᠷᠪᠢᠯᠠᠬᠤ ᠵᠠᠮ ᠢᠶᠠᠷ ᠵᠠᠮᠨᠠᠵᠤ᠂ ᠤᠰᠤ ᠶᠢ ᠠᠷᠪᠢᠯᠠᠵᠤ ᠬᠡᠷᠡᠭᠯᠡᠬᠦ ᠶᠢ ᠪᠠᠷᠢᠮᠲᠠᠯᠠᠨ᠂ ᠨᠢᠭᠡ ᠤᠰᠤ ᠶᠢ ᠣᠯᠠᠨ ᠬᠡᠷᠡᠭᠯᠡᠬᠦ ᠶᠢ ᠪᠠᠷᠢᠮᠲᠠᠯᠠᠵᠤ᠂ ᠤᠰᠤᠨ ᠤ ᠬᠡᠮᠵᠢᠶ᠎ᠡ ᠪᠠᠷ ᠬᠡᠷᠡᠭᠴᠡᠭᠡ ᠶᠢ ᠲᠣᠭᠲᠠᠭᠠᠨ᠂ ᠤᠰᠤᠨ ᠤ ᠬᠡᠮᠵᠢᠶ᠎ᠡ ᠪᠠᠷ ᠶᠠᠪᠤᠵᠤ᠂ ᠥᠷᠭᠡᠨ ᠣᠯᠠᠨ ᠰᠠᠭᠤᠭᠠᠯᠢ ᠠᠷᠠᠳ ᠤᠰᠤ ᠠᠷᠪᠢᠯᠠᠬᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠬᠥᠮᠦᠨ ᠪᠦᠬᠦᠨ ᠤᠰᠤ ᠠᠷᠪᠢᠯᠠᠬᠤ ᠠᠵᠢᠯᠯᠠᠭ᠎ᠠ ᠳᠤ ᠣᠷᠣᠯᠴᠠᠵᠤ᠂ ᠪᠥᠬᠦ ᠨᠡᠶᠢᠭᠡᠮ ᠤᠨ ᠤᠰᠤ ᠠᠷᠪᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ︾ ᠭᠡᠵᠦ ᠬᠡᠯᠡᠪᠡ᠃                                          ᠨᠠᠶᠢᠷᠠᠭᠤᠯᠤᠭᠴᠢ᠄  ᠯᠢ ᠬᠤᠩ ᠢᠦᠢ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2