ᠯᠢᠶᠠᠩᠴᠧᠩ ᠰᠢᠶᠠᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠺᠣᠮᠫᠢᠦ᠋ᠲ᠋ᠧᠷ ᠤᠨ ᠠᠵᠢᠯᠯᠠᠭᠴᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/3/26
   ᠤᠷ᠎ᠠ ᠴᠢᠳᠠᠪᠤᠷᠢ ᠶᠢᠨ ᠪᠣᠯᠪᠠᠰᠤᠷᠠᠯ ᠨᠢ ᠴᠢᠳᠠᠪᠤᠷᠢ ᠪᠠᠨ ᠴᠢᠩᠭᠠᠳᠬᠠᠵᠤ᠂ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠳᠠᠶᠢᠴᠢᠯᠠᠪᠠ᠃ ᠥᠷᠭᠡᠨ ᠣᠯᠠᠨ ᠬᠤᠲᠠ ᠬᠥᠳᠡᠭᠡ ᠶᠢᠨ ᠬᠥᠳᠡᠯᠮᠦᠷᠢ ᠬᠦᠴᠦᠨ ᠤ ᠤᠷ᠎ᠠ ᠴᠢᠳᠠᠪᠤᠷᠢ ᠶᠢᠨ ᠬᠡᠪ ᠪᠣᠯᠪᠠᠰᠤᠷᠠᠯ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠺᠣᠮᠫᠢᠦ᠋ᠲ᠋ᠧᠷ ᠤᠨ ᠦᠨᠳᠦᠰᠦᠨ ᠠᠵᠢᠯᠯᠠᠭᠠᠨ ᠤ ᠤᠷ᠎ᠠ ᠴᠢᠳᠠᠪᠤᠷᠢ ᠶᠢ ᠡᠵᠡᠮᠰᠢᠨ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ 3 ᠰᠠᠷ᠎ᠠ ᠶᠢᠨ 20 ᠤ ᠡᠳᠦᠷ᠂ ᠯᠢᠶᠠᠩᠴᠧᠩ ᠰᠢᠶᠠᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠺᠣᠮᠫᠢᠦ᠋ᠲ᠋ᠧᠷ ᠤᠨ ᠠᠵᠢᠯᠯᠠᠭᠴᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠬᠢᠯᠡᠵᠦ᠂ ᠨᠡᠶᠢᠲᠡ 114 ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃     ᠪᠣᠯᠪᠠᠰᠤᠷᠠᠭᠤᠯᠤᠯ ᠤᠨ ᠲᠤᠬᠠᠶ ᠶᠢᠨ ᠲᠠᠯᠠᠪᠤᠷ ᠲᠤ᠂ ᠪᠠᠭᠰᠢ ᠠᠴᠠ ᠺᠣᠮᠫᠢᠦ᠋ᠲ᠋ᠧᠷ ᠤᠨ ᠰᠠᠭᠤᠷᠢ ᠮᠡᠳᠡᠯᠭᠡ᠂ ᠠᠵᠢᠯᠯᠠᠬᠤ ᠰᠢᠰᠲ᠋ᠧᠮ᠂ ᠠᠯᠪᠠᠨ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠪᠠ ᠦᠰᠦᠭ ᠥᠷᠥᠬᠦ ᠪᠠᠶᠢᠷᠢᠯᠠᠭᠤᠯᠤᠯᠲᠠ᠂ ᠺᠣᠮᠫᠢᠦ᠋ᠲ᠋ᠧᠷ ᠤᠨ ᠰᠦᠯᠵᠢᠶᠡᠨ ᠤ ᠠᠯᠪᠠᠨ ᠬᠡᠷᠡᠭᠯᠡᠭᠡᠨ ᠤ ᠵᠢᠴᠢ ᠪᠠᠶᠢᠩᠭᠤ ᠬᠡᠷᠡᠭᠯᠡᠬᠦ ᠵᠥᠭᠡᠯᠡᠨ ᠲᠣᠨᠤᠭ ᠤᠨ ᠪᠠᠭᠠᠵᠢ ᠶᠢᠨ ᠣᠶᠢᠯᠠᠭᠠᠯᠲᠠ ᠵᠡᠷᠭᠡ ᠬᠢᠴᠢᠶᠡᠯ ᠤᠨ ᠠᠭᠤᠯᠭ᠎ᠠ ᠶᠢᠨ ᠲᠣᠭᠤᠷᠢᠨ ᠳᠤ᠂ ᠣᠨᠣᠯ ᠤᠨ ᠲᠠᠶᠢᠯᠤᠮᠵᠢ ᠪᠠ ᠪᠣᠳᠠᠲᠠᠶ ᠠᠵᠢᠯᠯᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠵᠢᠭᠠᠨ ᠰᠤᠷᠭᠠᠯᠲᠠ ᠬᠢᠵᠦ᠂ ᠰᠤᠷᠤᠭᠴᠢᠳ ᠲᠤ ᠠᠮᠢᠳᠤᠯᠢᠭ ᠪᠥᠭᠡᠳ ᠪᠦᠲᠦᠮᠵᠢᠲᠡᠶ ᠺᠣᠮᠫᠢᠦ᠋ᠲ᠋ᠧᠷ ᠤᠨ ᠠᠵᠢᠯᠯᠠᠬᠤ ᠤᠷ᠎ᠠ ᠴᠢᠳᠠᠪᠤᠷᠢ ᠶᠢ ᠣᠶᠢᠯᠠᠭᠠᠭᠤᠯᠵᠤ᠂ ᠰᠣᠷᠣᠭᠰᠠᠨ ᠺᠣᠮᠫᠢᠦ᠋ᠲ᠋ᠧᠷ ᠤᠨ ᠮᠡᠳᠡᠯᠭᠡ ᠶᠢ ᠪᠣᠳᠠᠲᠠᠶ ᠠᠵᠢᠯ ᠤᠨ ᠳᠤᠮᠳᠠ ᠬᠡᠷᠡᠭᠯᠡᠭᠦᠯᠵᠦ᠂ ᠰᠤᠷᠤᠭᠰᠠᠨ ᠢᠶᠠᠨ ᠬᠡᠷᠡᠭᠯᠡᠬᠦ ᠶᠢ ᠪᠡᠶᠡᠯᠡᠭᠦᠯᠪᠡ᠃ ᠰᠤᠷᠤᠭᠴᠢᠳ ᠤᠶᠤᠨ ᠴᠢᠳᠠᠯ ᠢᠶᠠᠨ ᠲᠥᠪᠯᠡᠷᠡᠭᠦᠯᠦᠨ ᠨᠠᠷᠢᠨ ᠬᠢᠨᠠᠮᠠᠭᠠᠢ ᠰᠣᠨᠣᠰᠴᠤ᠂ ᠭᠦᠨᠵᠡᠭᠡᠢ ᠰᠣᠯᠢᠯᠴᠠᠵᠤ᠂ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃    ᠰᠤᠷᠤᠭᠴᠢ ᠯᠢᠦ ᠡᠯ ᠨᠢᠦᠢ ᠬᠡᠯᠡᠬᠦ ᠳᠡᠭᠡᠨ᠄ ︽ᠡᠩ ᠲᠡᠷᠢᠭᠦᠨ ᠳᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠣᠯᠠᠨ ᠳᠤ ᠡᠨᠡ ᠬᠦ ᠰᠤᠷᠤᠯᠴᠠᠬᠤ ᠲᠠᠪᠴᠠᠩ ᠢ ᠬᠠᠩᠭᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠡᠨᠡ ᠤᠳᠠᠭ᠎ᠠ ᠪᠢ ᠪᠠᠰᠠ ᠮᠠᠰᠢ ᠣᠯᠠᠨ ᠺᠣᠮᠫᠢᠦ᠋ᠲ᠋ᠧᠷ ᠤᠨ ᠮᠡᠳᠡᠯᠭᠡ ᠶᠢ ᠰᠤᠷᠤᠯᠴᠠᠵᠤ ᠣᠯᠵᠠᠶ᠂ ᠮᠠᠨ ᠤ ᠰᠤᠷᠤᠭᠴᠢᠳ ᠬᠠᠮᠲᠤ ᠪᠠᠷ ᠳᠠᠪᠰᠢᠵᠤ᠂ ᠨᠢᠭᠡ ᠵᠦᠢᠯ ᠤᠨ ᠰᠢᠨ᠎ᠡ ᠤᠷ᠎ᠠ ᠮᠡᠷᠭᠡᠵᠢᠯ ᠰᠤᠷᠬᠤ ᠶᠢ ᠬᠦᠰᠡᠵᠦ ᠪᠠᠶᠢᠨ᠎ᠠ︾ ᠭᠡᠵᠡᠶ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 7 ᠡᠳᠦᠷ ᠪᠠᠶᠢᠵᠤ᠂ ᠪᠣᠯᠪᠠᠰᠤᠷᠠᠭᠤᠯᠬᠤ ᠡᠲᠡᠭᠡᠳ ᠨᠢ ᠬᠥᠳᠡᠯᠮᠦᠷᠢᠯᠡᠬᠦ ᠨᠠᠰᠤᠨ ᠤ ᠳᠣᠲᠣᠷᠠᠬᠢ ᠪᠣᠯᠪᠠᠰᠤᠷᠠᠭᠤᠯᠬᠤ ᠬᠦᠰᠡᠯ ᠲᠠᠢ ᠠᠵᠢᠯ ᠠᠯᠳᠠᠭᠰᠠᠳ ᠪᠣᠯᠤᠨ᠎ᠠ᠃ ᠬᠤᠶᠢᠰᠢᠳᠠ᠂ ᠯᠢᠶᠠᠩᠴᠧᠩ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠤᠤᠱᠯᠠᠭᠤᠯᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠵᠠᠬ᠎ᠠ ᠳᠡᠯᠭᠡᠭᠦᠷ ᠪᠠ ᠬᠤᠪᠢ ᠬᠥᠮᠦᠨ ᠤ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2