ᠯᠢᠶᠠᠩᠴᠧᠩ ᠰᠢᠶᠠᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠵᠢᠭᠦᠯᠭᠡ ᠳᠤ ᠨᠢᠭᠡᠨᠲᠡ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ 17659 ᠬᠥᠮᠦᠨ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/3/26
    ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠪᠢ ᠬᠥᠮᠦᠨ ᠤ ᠡᠮ ᠡᠮᠨᠡᠯᠭᠡ ᠶᠢᠨ ᠲᠠᠩᠰᠠᠨ ᠡᠷᠦᠬᠡ ᠶᠢᠨ ᠰᠠᠭᠤᠷᠢ ᠮᠥᠩᠭᠦ ᠶᠢᠨ ᠪᠠᠲᠤᠯᠠᠭ᠎ᠠ ᠶᠢᠨ ᠴᠢᠳᠠᠮᠵᠢ ᠪᠠ ᠬᠠᠷᠢᠯᠴᠠᠨ ᠲᠤᠰᠠᠯᠠᠯᠴᠠᠬᠤ ᠴᠢᠳᠠᠪᠤᠷᠢ ᠶᠢ ᠨᠠᠩ ᠰᠠᠶᠢᠲᠤᠷ ᠪᠠᠳᠠᠷᠠᠭᠤᠯᠵᠤ᠂ ᠨᠠᠩ ᠣᠯᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠲᠦᠮᠡᠨ ᠳᠤ ᠨᠠᠩ ᠡᠷᠬᠡ ᠲᠡᠭᠰᠢ ᠪᠠᠷ ᠬᠦᠷᠲᠡᠭᠡᠵᠦ᠂ ᠬᠥᠮᠦᠨ ᠢᠶᠠᠷ ᠦᠨᠳᠦᠰᠦ ᠪᠣᠯᠭᠠᠬᠤ ᠶᠢᠨ ᠪᠠᠭᠲᠠᠭᠠᠮᠵᠢᠲᠤ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠯᠢᠶᠠᠩᠴᠧᠩ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠣᠲᠣ ᠪᠣᠯᠲᠠᠯ᠎ᠠ᠂ ᠯᠢᠶᠠᠩᠴᠧᠩ ᠰᠢᠶᠠᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠵᠢᠭᠦᠯᠭᠡ ᠳᠤ ᠨᠢᠭᠡᠨᠲᠡ 17659 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃
       ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠵᠠᠷᠤᠳᠠᠯ ᠢ ᠲᠡᠷᠡ ᠳᠠᠷᠤᠶ ᠳᠤᠨᠢ ᠳ᠋ᠦᠩᠨᠡᠨ ᠪᠤᠳᠤᠬᠤ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠡᠩ ᠤᠨ ᠡᠭᠦᠳᠡᠨ ᠡᠮᠨᠡᠯᠭᠡ ᠳᠤ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠶᠢ ᠨᠢᠭᠡᠳᠦᠯᠲᠡᠶ ᠲᠥᠯᠥᠪᠯᠡᠵᠦ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠬᠦᠴᠦᠨ ᠪᠥᠬᠦᠶ ᠭᠡᠷᠡᠴᠢ ᠪᠠᠷᠢᠮᠲᠠ ᠶᠢ ᠬᠡᠷᠡᠭᠯᠡᠨ ᠳ᠋ᠦᠩᠨᠡᠨ ᠪᠤᠳᠤᠬᠤ ᠬᠡᠷᠡᠭᠲᠡᠶ᠃
       2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠰᠢᠶᠠᠨ ᠤ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠳ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠦᠶ᠎ᠡ ᠳᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮ ᠡᠮᠨᠡᠯᠭᠡ ᠶᠢᠨ ᠵᠠᠷᠤᠳᠠᠯ ᠢ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ 2023 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠯᠢᠶᠠᠩᠴᠧᠩ ᠰᠢᠶᠠᠨ ᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠡᠮᠴᠢᠯᠡᠭᠡᠨ ᠤ ᠪᠠᠶᠢᠭᠤᠯᠤᠮᠵᠢ ᠳᠤ 10 ᠣᠷᠣᠭᠤᠯᠵᠤ᠂ 20 ᠡᠮ ᠤᠨ ᠳᠡᠯᠭᠡᠭᠦᠷ ᠭᠠᠷᠭᠠᠵᠤ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠨᠡᠶᠢᠲᠡ 12 ᠲᠦᠮᠡᠨ ᠬᠥᠮᠦᠨ ᠤᠳᠠᠭ᠎ᠠ ᠬᠡᠷᠡᠭᠯᠡᠨ ᠡᠪᠡᠳᠴᠢᠨ ᠦᠵᠡᠭᠦᠯᠵᠦ᠂ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ 853 ᠲᠦᠮᠡᠨ ᠲᠥᠭᠦᠷᠢᠭ ᠵᠠᠷᠤᠴᠠᠭᠤᠯᠪᠠ᠃ ᠡᠬᠢᠯᠡᠵᠦ ᠥᠭᠬᠦ ᠱᠤᠭᠤᠮ ᠢ ᠤᠤᠯ ᠤᠨ 1000 ᠲᠥᠭᠦᠷᠢᠭ ᠠᠴᠠ ᠠᠵᠢᠯᠯᠠᠵᠤ ᠪᠠᠶᠢᠭᠰᠠᠨ ᠠᠵᠢᠯᠲᠠᠨ ᠠᠵᠢᠯᠴᠢᠨ ᠤ ᠡᠮᠨᠡᠯᠭᠡ ᠶᠢᠨ ᠬᠤᠷᠢᠶᠠᠨ ᠤ ᠵᠡᠷᠭᠡ ᠳᠡᠰ ᠢᠶᠠᠷ ᠨᠢ 500 ᠲᠥᠭᠦᠷᠢᠭ᠂ 300 ᠲᠥᠭᠦᠷᠢᠭ᠂ 200 ᠲᠥᠭᠦᠷᠢᠭ ᠪᠣᠯᠭᠠᠨ ᠲᠣᠬᠢᠷᠠᠭᠤᠯᠵᠤ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠢ ᠡᠮᠨᠡᠯᠭᠡ ᠶᠢᠨ ᠬᠤᠷᠢᠶᠠᠨ ᠤ ᠵᠡᠷᠭᠡ ᠳᠡᠰ ᠢᠶᠠᠷ ᠨᠢ 300 ᠲᠥᠭᠦᠷᠢᠭ᠂ 200 ᠲᠥᠭᠦᠷᠢᠭ᠂ 50 ᠲᠥᠭᠦᠷᠢᠭ ᠭᠡᠵᠦ ᠬᠤᠪᠢᠶᠠᠬᠤ ᠶᠢᠨ ᠬᠠᠮᠲᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠤ ᠪᠠᠰᠠ ᠵᠣᠬᠢᠬᠤ ᠬᠢᠵᠠᠭᠠᠷ ᠲᠤᠭ᠎ᠠ ᠲᠠᠢ ᠪᠠᠶᠢᠵᠤ᠂ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠢ ᠵᠢᠯ ᠳᠤ ᠨᠡᠶᠢᠲᠡ 4000 ᠲᠥᠭᠦᠷᠢᠭ ᠮᠡᠳᠡᠭᠦᠯᠵᠦ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠢ ᠵᠢᠯ ᠳᠤ ᠨᠡᠶᠢᠲᠡ 5000 ᠲᠥᠭᠦᠷᠢᠭ ᠮᠡᠳᠡᠭᠦᠯᠵᠦ ᠪᠣᠯᠤᠨ᠎ᠠ᠃
  ᠡᠮ ᠡᠮᠨᠡᠯᠭᠡ ᠶᠢᠨ ᠳᠠᠭᠠᠳᠭᠠᠯ ᠤᠨ ᠲᠣᠪᠴᠢᠶ᠎ᠠ ᠶᠢᠨ ᠠᠵᠢᠯᠲᠠᠨ ᠠᠵᠢᠯᠴᠢᠨ ᠤ ᠳ᠋ᠦᠩᠨᠡᠨ ᠪᠣᠳᠣᠬᠤ ᠲᠠᠰᠤᠭ ᠤᠨ ᠬᠠᠷᠢᠭᠤᠴᠠᠯᠭᠠᠲᠠᠨ ᠯᠢ ᠰᠢᠶᠤᠤ ᠰᠢᠶᠠᠨ    ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠵᠢᠭᠦᠯᠲᠡ ᠲᠠᠢ ᠪᠣᠯᠣᠭᠰᠠᠨ ᠠᠴᠠ ᠥᠷᠭᠡᠨ ᠣᠯᠠᠨ ᠠᠵᠢᠯᠲᠠᠨ ᠠᠵᠢᠯᠴᠢᠨ ᠳᠤ ᠮᠠᠰᠢ ᠣᠯᠠᠨ ᠳᠦᠭᠦᠮ ᠦᠵᠡᠭᠦᠯᠪᠡ᠃ ᠨᠢᠭᠡ ᠳᠤ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠤ ᠳᠠᠩᠰᠠᠯᠠᠭᠤᠯᠬᠤ ᠬᠡᠷᠡᠭ ᠥᠬᠡᠶ᠂ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠦᠶ᠎ᠡ ᠳᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠤᠨ ᠬᠡᠪᠴᠢᠶ᠎ᠡ ᠳᠤ ᠨᠡᠶᠢᠴᠡᠪᠡᠯ᠂ ᠰᠢᠭᠤᠳ ᠨᠢᠭᠡᠳᠦᠯᠲᠡᠶ ᠲᠥᠯᠥᠪᠯᠡᠵᠦ ᠪᠣᠯᠤᠨ᠎ᠠ᠂ ᠥᠭᠡᠷ᠎ᠡ ᠪᠠᠷ ᠬᠡᠯᠡᠪᠡᠯ ᠪᠢᠳᠡ ᠤᠳᠠᠭᠠᠨ ᠴᠢᠨᠠᠷᠲᠠᠶ ᠡᠪᠡᠳᠴᠢᠨ ᠢ ᠮᠡᠳᠡᠭᠦᠯᠦᠭᠰᠡᠨ ᠦᠭᠡᠢ ᠬᠥᠮᠦᠨ ᠢ ᠪᠦᠷ ᠡᠳ᠋ᠯᠡᠵᠦ ᠪᠣᠯᠬᠤ ᠪᠥᠭᠡᠳ ᠡᠪᠡᠳᠴᠢᠨ ᠤ ᠲᠥᠷᠥᠯ ᠢ ᠬᠢᠵᠠᠭᠠᠷᠯᠠᠬᠤ ᠥᠬᠡᠶ︔ ᠬᠤᠶᠠᠳᠤᠭᠠᠷ ᠨᠢ ᠮᠠᠨ ᠤ ᠡᠩ ᠤᠨ ᠦᠶ᠎ᠡ ᠳᠤ ᠡᠮ ᠤᠨ ᠳᠡᠯᠭᠡᠭᠦᠷ ᠲᠤ ᠺᠠᠷᠲ ᠱᠦᠷᠭᠦᠭᠡᠬᠦ ᠴᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠵᠦ ᠪᠣᠯᠤᠨ᠎ᠠ᠂ ᠪᠠᠰᠠ ᠪᠢᠳᠡᠨ ᠤ ᠡᠮᠨᠡᠯᠭᠡ ᠶᠢᠨ ᠬᠤᠷᠢᠶ᠎ᠠ ᠳᠤ ᠪᠠᠶᠢᠬᠤ ᠦᠭᠡᠢ ᠡᠮ ᠴᠤ ᠪᠣᠯᠤᠨ᠎ᠠ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠡᠮ ᠤᠨ ᠳᠡᠯᠭᠡᠭᠦᠷ ᠠᠴᠠ ᠬᠤᠳᠠᠯᠳᠤᠨ ᠠᠪᠴᠤ ᠪᠣᠯᠤᠨ᠎ᠠ᠂ ᠢᠩᠭᠢᠪᠡᠯ ᠥᠷᠭᠡᠨ ᠣᠯᠠᠨ ᠲᠦᠮᠡᠨ ᠳᠤ ᠲᠥᠬᠦᠮ ᠦᠵᠡᠭᠦᠯᠵᠡᠶ︔ ᠭᠤᠷᠪᠠᠳᠤᠭᠠᠷ ᠨᠢ ᠵᠠᠷᠢᠮ ᠤᠳᠠᠭᠠᠨ ᠴᠢᠨᠠᠷᠲᠠᠶ ᠡᠪᠡᠳᠴᠢᠨ ᠳᠤ ᠤᠷᠲᠤ ᠬᠤᠭᠤᠴᠠᠭ᠎ᠠ ᠪᠠᠷ ᠡᠮ ᠤᠤᠭᠤᠪᠠᠯ ᠥᠩᠭᠡᠷᠡᠭᠰᠡᠨ ᠳᠤ ᠵᠢᠯ ᠪᠦᠷᠢ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠢ ᠪᠠᠰᠠ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠪᠠᠷ ᠳᠠᠮᠵᠢᠭᠤᠯᠤᠨ ᠳᠠᠬᠢᠵᠤ ᠳᠠᠩᠰᠠ ᠲᠠᠶᠢᠯᠵᠤ ᠪᠣᠯᠤᠨ᠎ᠠ᠃ ᠶᠡᠷᠦᠩᠬᠡᠶ ᠳᠤᠨᠢ ᠠᠪᠴᠤ ᠬᠡᠯᠡᠪᠡᠯ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠭᠡ ᠶᠢ ᠬᠡᠷᠡᠭᠵᠢᠭᠦᠯᠦᠭᠰᠡᠨ ᠨᠢ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠ ᠬᠤᠪᠢ ᠬᠥᠮᠦᠨ ᠤ ᠲᠠᠩᠰᠠᠨ ᠡᠷᠦᠬᠡ ᠶᠢᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠵᠤ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃
       ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠦᠢᠯᠡᠴᠢᠯᠡᠭᠡ ᠨᠢ ᠯᠢᠶᠠᠩᠴᠧᠩ ᠰᠢᠶᠠᠨ ᠤ ᠳᠠᠭᠠᠳᠬᠠᠯ ᠳᠤ ᠣᠷᠣᠯᠴᠠᠭᠰᠠᠳ ᠤᠨ ᠡᠮ ᠤᠨ ᠳᠡᠯᠭᠡᠭᠦᠷ ᠡᠮ ᠬᠤᠳᠠᠯᠳᠤᠨ ᠠᠪᠬᠤ ᠳᠤ ᠲᠦᠢᠯ ᠤᠨ ᠶᠡᠭᠡ ᠲᠥᠬᠦᠮ ᠦᠵᠡᠭᠦᠯᠵᠦ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠬᠠᠷᠠᠭᠠᠯᠵᠠᠯ ᠭᠥᠷᠳᠡᠬᠦ ᠶᠢ ᠦᠨᠡᠨ ᠬᠦ ᠪᠠᠲᠤᠯᠠᠵᠤ᠂ ᠳᠠᠭᠠᠳᠬᠠᠯ ᠳᠤ ᠣᠷᠣᠯᠴᠠᠭᠰᠠᠳ ᠲᠤ ᠦᠨᠡᠨ ᠬᠦ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠳᠠᠭᠠᠳᠬᠠᠯ ᠳᠤ ᠣᠷᠣᠯᠴᠠᠭᠰᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃                                                 ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2