ᠯᠢᠶᠠᠩᠴᠧᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠦᠵᠡᠮᠵᠢ ᠶᠢᠨ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2024/3/26
   ᠬᠠᠷᠢᠶᠠᠲᠤ ᠣᠷᠣᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠳᠤ ᠴᠡᠪᠡᠷ ᠴᠡᠮᠴᠡᠭᠡᠷ᠂ ᠵᠢᠷᠤᠮᠵᠢᠯ ᠲᠠᠢ ᠡᠮᠬᠢ ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠦᠯᠦᠭᠡ᠂ 3 ᠰᠠᠷ᠎ᠠ ᠶᠢᠨ 23 ᠤ ᠡᠳᠦᠷ ᠠᠴᠠ ᠡᠬᠢᠯᠡᠨ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ︽ᠵᠢᠷᠤᠮᠵᠢᠯ ᠲᠠᠢ ᠡᠮᠬᠢ ᠵᠢᠷᠤᠮ ᠲᠠᠢ᠂ ᠬᠠᠯᠠᠭᠤᠨ ᠳᠤᠯᠠᠭᠠᠨ ᠡᠶ᠎ᠡ ᠵᠣᠬᠢᠴᠠᠩᠭᠤᠶ︾ ᠬᠤᠲᠠ ᠶᠢᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠪᠠ᠃    ᠲᠤᠰᠬᠠᠢ ᠠᠵᠢᠯᠯᠠᠭ᠎ᠠ ᠨᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠤᠳᠠ ᠶᠢᠨ ᠦᠵᠡᠮᠵᠢ ᠶᠢᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠤᠯᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠤᠸᠠᠨ ᠳ᠋ᠧ ᠵᠡᠭᠡᠯᠢ᠂ ᠨᠢᠩ ᠶᠤᠸᠠᠨ ᠵᠡᠭᠡᠯᠢ᠂ ᠰᠢᠨᠬᠤᠸᠠ ᠵᠡᠭᠡᠯᠢ ᠵᠡᠷᠭᠡ ᠭᠤᠣᠯᠳᠠᠯᠭ᠎ᠠ ᠲᠠᠢ ᠵᠠᠮ ᠤᠨ ᠬᠡᠰᠡᠭ ᠤᠨ ᠳᠡᠯᠭᠡᠭᠦᠷ ᠤᠨ ᠭᠠᠳᠠᠨ᠎ᠠ ᠡᠵᠡᠩᠨᠡᠬᠦ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ ᠬᠠᠮᠢᠶᠠᠷᠬᠤ ᠪᠠ ᠨᠢᠭᠡᠳᠦᠯᠲᠡᠢ ᠴᠡᠭᠴᠡᠯᠡᠨ ᠵᠠᠰᠠᠬᠤ ᠬᠡᠷᠡᠭᠲᠡᠢ᠃ ᠡᠭᠦᠨ ᠤ ᠬᠠᠮᠲᠤ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠭᠡᠬᠦ ᠶᠢ ᠱᠠᠭᠠᠷᠳᠠᠵᠤ᠂ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠬᠡᠷ ᠤᠨ ᠭᠠᠳᠠᠨ᠎ᠠ ᠳᠤᠷ᠎ᠠ ᠪᠠᠷ ᠢᠶᠠᠨ ᠳᠡᠯᠭᠡᠵᠦ ᠳᠤᠷ᠎ᠠ ᠪᠠᠷ ᠢᠶᠠᠨ ᠡᠯᠭᠦᠬᠦ᠂ ᠳᠤᠷ᠎ᠠ ᠪᠠᠷ ᠢᠶᠠᠨ ᠳᠡᠭᠦᠵᠢᠯᠡᠵᠦ ᠳᠤᠷ᠎ᠠ ᠪᠠᠷ ᠢᠶᠠᠨ ᠡᠯᠭᠦᠬᠦ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ ᠵᠡᠷᠭᠡ  ᠤᠶᠢᠯᠡ ᠠᠵᠢᠯᠯᠠᠭ᠎ᠠ ᠶᠢ ᠪᠠᠶᠢᠴᠠᠭᠠᠨ ᠵᠠᠯᠠᠷᠠᠭᠤᠯᠬᠤ ᠶᠢᠨ ᠬᠠᠮᠲᠤ ᠬᠡᠰᠡᠭ ᠬᠤᠳᠠᠯᠳᠤᠭᠠᠨ ᠤ ᠡᠷᠦᠬᠡ ᠳᠤ ᠲᠤᠬᠠᠶ ᠶᠢᠨ ᠲᠠᠯᠠᠪᠠᠶ ᠳᠤ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ ᠨᠡᠭᠦᠳᠡᠯ ᠳᠡᠯᠭᠡᠭᠡ ᠮᠠᠶᠢᠮᠠᠶ ᠶᠢᠨ ᠭᠠᠵᠠᠷ ᠲᠤ ᠲᠥᠪᠯᠡᠷᠡᠭᠰᠡᠨ ᠭᠠᠵᠠᠷ ᠲᠤ ᠲᠣᠭᠲᠠᠭᠰᠠᠨ ᠴᠠᠭ᠂ ᠬᠥᠮᠦᠨ᠂ ᠠᠵᠢᠯ ᠤᠨ ᠪᠠᠶᠢᠷᠢ᠂ ᠲᠣᠭᠲᠠᠭᠰᠠᠨ ᠭᠠᠵᠠᠷ᠂ ᠬᠠᠷᠢᠭᠤᠴᠠᠯᠭ᠎ᠠ ᠲᠣᠭᠲᠠᠭᠠᠨ ᠬᠠᠮᠢᠶᠠᠷᠬᠤ ᠠᠷᠭ᠎ᠠ ᠮᠠᠶ᠋ᠢᠭ ᠢ ᠠᠪᠴᠤ᠂ ᠬᠤᠳᠠᠯᠳᠤᠭᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠲᠤ ᠣᠷᠣᠭᠤᠯᠪᠠ᠃    ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠤᠷᠢᠳᠴᠢᠯᠠᠨ ᠠᠵᠢᠯᠯᠠᠬᠤ ᠪᠠ ︽ᠴᠠᠭ ᠵᠥᠷᠢᠭᠦᠯᠬᠦ︾ ᠠᠵᠢᠯ ᠳᠤ ᠭᠠᠷᠬᠤ ᠠᠷᠭ᠎ᠠ ᠮᠠᠶ᠋ᠢᠭ ᠢ ᠠᠪᠴᠤ᠂ ᠲᠤᠰᠬᠠᠶ ᠴᠡᠭᠴᠡᠯᠡᠨ ᠵᠠᠰᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠤᠶᠠᠯᠳᠤᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠬᠤᠲᠠ ᠶᠢᠨ ᠳᠦᠷᠢ ᠲᠥᠷᠬᠦ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ ᠣᠲᠣ ᠪᠣᠯᠲᠠᠯ᠎ᠠ ᠨᠡᠶᠢᠲᠡ 500 ᠭᠠᠷᠤᠶ ᠭᠠᠵᠠᠷ ᠲᠤ ᠬᠦᠷᠴᠦ᠂ ᠴᠠᠬᠢᠯᠭᠠᠨ ᠬᠥᠳᠡᠯᠭᠡᠭᠦᠷᠲᠦ ᠲᠡᠷᠭᠡ ᠪᠣᠷᠣᠯᠠᠭᠤᠯᠬᠤ 13 ᠳᠡᠯᠭᠡᠭᠦᠷ ᠢ ᠵᠢᠷᠤᠮᠵᠢᠭᠤᠯᠤᠨ᠂ 100 ᠭᠠᠷᠤᠶ ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠪᠠᠭᠤᠯᠭᠠᠪᠠ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2