2023 ᠣᠨ ᠤ ᠯᠢᠶᠠᠩᠴᠧᠩ ᠰᠢᠶᠠᠨ ᠤ ᠲᠥᠪ ᠤᠨ ᠡᠳ᠋ ᠤᠨ ᠵᠠᠰᠠᠭ ᠤᠨ ᠠᠮᠢᠳᠤ ᠭᠠᠭ᠋ᠠᠶ ᠶᠢᠨ ᠰᠠᠶᠢᠨ ᠡᠭᠦᠯᠳᠡᠷ ᠤᠨ ᠨᠥᠬᠦᠪᠥᠷᠢ ᠶᠢᠨ ᠲᠥᠷᠥᠯ ᠵᠤᠶᠢᠯ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2024/3/27
  ︽ᠲᠥᠪ ᠤᠨ ᠡᠳ᠋ ᠤᠨ ᠵᠠᠰᠠᠭ ᠤᠨ ᠮᠠᠯᠵᠢᠬᠤ ᠣᠷᠣᠨ ᠤ ᠮᠠᠯ ᠠᠵᠤ ᠠᠬᠤᠶ ᠶᠢᠨ ᠰᠠᠶᠢᠨ ᠡᠭᠦᠯᠳᠡᠷ ᠤᠨ ᠨᠥᠬᠦᠪᠥᠷᠢ ᠪᠠ ᠲᠥᠪ ᠤᠨ ᠠᠮᠢᠳᠤ ᠭᠠᠭ᠋ᠠᠶ ᠶᠢᠨ ᠰᠠᠶᠢᠨ ᠡᠭᠦᠯᠳᠡᠷ ᠤᠨ ᠨᠥᠬᠦᠪᠥᠷᠢ 2 ᠲᠥᠷᠥᠯ ᠵᠤᠶᠢᠯ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ︵ᠤᠯᠠᠭᠠᠨᠬᠠᠳᠠ ᠡᠳ᠋ ᠤᠨ ᠵᠠᠰᠠᠭ ᠲᠠᠷᠬᠠᠭᠠᠭᠰᠠᠨ ︹ 2023 ︺ 533 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠥᠷᠥᠯ  ᠵᠤᠶᠢᠯ ᠢ ᠬᠡᠷᠡᠭᠵᠢᠭᠦᠯᠬᠦ ᠳᠤᠭᠤᠶᠢᠯᠠᠩ ᠢ ᠵᠣᠬᠢᠶᠠᠨ ᠪᠠᠶᠢᠭᠤᠯᠵᠤ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ ᠪᠠᠷ ᠳᠡᠮᠵᠢᠨ᠂ ᠲᠥᠷᠥᠯ  ᠵᠤᠶᠢᠯ ᠢ ᠬᠡᠷᠡᠭᠵᠢᠭᠦᠯᠬᠦ ᠪᠠᠷᠢᠮᠵᠢᠶ᠎ᠠ ᠳᠤ ᠨᠡᠶᠢᠴᠡᠭᠰᠡᠨ ᠨᠢ 1 ᠡᠷᠦᠬᠡ ᠪᠠᠶᠢᠵᠤ᠂ ᠦᠷᠡᠵᠢᠬᠦ ᠴᠢᠳᠠᠪᠤᠷᠢ ᠲᠠᠢ ᠮᠡᠭᠡᠵᠢ 320 ᠪᠠᠶᠢᠵᠤ᠂ 1.8 ᠲᠦᠮᠡᠨ ᠲᠥᠭᠦᠷᠢᠭ ᠤᠨ ᠨᠥᠬᠦᠪᠥᠷᠢ ᠮᠥᠩᠭᠦ ᠬᠡᠷᠡᠭᠰᠡᠬᠦ ᠪᠣᠯᠤᠨ᠎ᠠ᠃    ᠤᠳᠤ ᠮᠠᠨ ᠤ ᠰᠢᠶᠠᠨ ᠤ ᠭᠠᠭ᠋ᠠᠶ ᠲᠡᠵᠢᠭᠡᠨ ᠦᠷᠡᠵᠢᠭᠦᠯᠬᠦ 1 ᠲᠠᠯᠠᠪᠠᠢ ︵ᠡᠷᠦᠬᠡ︶᠎ ᠶᠢᠨ ᠰᠠᠶᠢᠨ ᠡᠭᠦᠯᠳᠡᠷ ᠤᠨ ᠨᠥᠬᠦᠪᠥᠷᠢ ᠶᠢᠨ ᠵᠦᠢᠯᠡᠰ ᠢ ᠬᠡᠷᠡᠭᠵᠢᠭᠦᠯᠬᠦ ᠪᠠᠷ ᠪᠠᠶᠢᠭ᠎ᠠ ᠡᠲᠡᠭᠡᠳ᠂ ᠨᠥᠬᠦᠪᠥᠷᠢ ᠶᠢᠨ ᠪᠠᠷᠢᠮᠵᠢᠶ᠎ᠠ᠂ ᠨᠥᠬᠦᠪᠥᠷᠢ ᠶᠢᠨ ᠪᠡᠯᠡ ᠮᠥᠩᠭᠦ ᠶᠢᠨ ᠪᠣᠳᠠᠲᠠᠶ ᠨᠡᠷᠡᠰ ᠢ ᠵᠠᠷᠯᠠᠨ ᠨᠡᠶᠢᠲᠡᠯᠡᠶ᠎ᠡ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 10 ᠡᠳᠦᠷ ︵2024 ᠣᠨ ᠤ 3 ᠰᠠᠷ᠎ᠠ ᠶᠢᠨ 21᠎ ᠤ ᠡᠳᠦᠷ — 2024 ᠣᠨ ᠤ 3 ᠰᠠᠷ᠎ᠠ ᠶᠢᠨ 30᠎ ᠤ ᠡᠳᠦᠷ︶ ᠪᠣᠯᠤᠨ᠎ᠠ ᠃ ᠬᠡᠷᠪᠡ ᠣᠨᠳᠣᠣ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠠ ᠳᠤ ᠰᠠᠨᠠᠯ ᠢᠶᠠᠨ ᠳᠤᠷᠠᠳᠴᠤ᠂ ᠤᠲᠠᠰᠤ 0474-420148᠂ ᠬᠡᠷᠪᠡ ᠣᠨᠳᠣᠣ ᠰᠠᠨᠠᠯ ᠦᠭᠡᠢ ᠪᠣᠯ ᠢᠯᠡ ᠨᠡᠶᠢᠲᠡᠯᠡᠬᠦ ᠬᠤᠭᠤᠴᠠᠭ᠎ᠠ ᠨᠢ ᠳᠦᠭᠦᠷᠪᠡᠯ ᠨᠥᠬᠦᠪᠥᠷᠢ ᠪᠡᠯᠡ ᠮᠥᠩᠭᠦ ᠶᠢ ᠣᠯᠭᠤᠨ᠎ᠠ᠃
               ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ                       ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ                   2024 ᠣᠨ ᠤ 3 ᠰᠠᠷ᠎ᠠ ᠶᠢᠨ 21᠎ ᠤ ᠡᠳᠦᠷ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2