︽ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠦ ᠦᠭᠭᠦᠨ᠎ᠡ︾ ᠳᠤᠮᠳᠠᠳᠤ ᠤᠯᠤᠰ ᠤᠨ ᠰᠢᠤᠳᠠᠨ ᠤ ᠯᠢᠶᠠᠩᠴᠧᠩ ᠬᠤᠪᠢᠶᠠᠷᠢ ᠺᠣᠮᠫᠠᠨᠢ᠄ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠳᠡᠭᠡᠨ᠎ᠡ
ᠨᠡᠶᠢᠲᠡᠯᠡᠭᠰᠡᠨ ᠴᠠᠭ᠄
2024/3/27
   ᠣᠶᠢᠷ᠎ᠠ ᠶᠢᠨ ᠵᠢᠯ ᠳᠤ᠂ ᠳᠤᠮᠳᠠᠳᠤ ᠤᠯᠤᠰ ᠤᠨ ᠰᠢᠤᠳᠠᠨ ᠤ ᠯᠢᠶᠠᠩᠴᠧᠩ  ᠤᠨ ᠬᠤᠪᠢᠶᠠᠷᠢ ᠺᠣᠮᠫᠠᠨᠢ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠲᠦᠷᠭᠡᠨ ᠬᠦᠷᠭᠡᠯᠲᠡ ᠶᠢ ᠬᠥᠳᠡᠭᠡ ᠪᠠᠭᠤᠯᠭᠠᠵᠤ ᠲᠣᠰᠬᠤᠨ ᠳᠤ ᠬᠦᠷᠭᠡᠵᠦ ᠬᠦᠷᠭᠡᠬᠦ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠭᠡᠳᠬᠡᠵᠦ᠂ ᠲᠦᠷᠭᠡᠨ ᠬᠦᠷᠭᠡᠯᠲᠡ ᠶᠢ ᠬᠥᠳᠡᠭᠡ ᠲᠣᠰᠬᠤᠨ ᠳᠤ ᠬᠦᠷᠭᠡᠬᠦ  ᠤᠶᠢᠯᠡᠴᠢᠯᠡᠭᠡ ᠶᠢᠨ ︿ᠡᠴᠦᠰ ᠤᠨ ᠨᠢᠭᠡ ᠺᠢᠯᠣᠮᠧᠲᠷ﹀᠎ ᠤᠨ ᠪᠡᠷᠬᠡ ᠰᠡᠳᠦᠪ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠲᠣᠰᠬᠤᠨ ᠤ ᠠᠷᠠᠳ ᠤᠨ ᠪᠤᠳᠤᠵᠤ ᠪᠠᠶᠢᠭ᠎ᠠ᠂ ᠬᠦᠰᠡᠵᠦ ᠪᠠᠶᠢᠭ᠎ᠠ᠂ ᠪᠠᠴᠢᠮᠳᠠᠵᠤ ᠪᠠᠶᠢᠭ᠎ᠠ  ᠵᠤᠶᠢᠯ ᠢ ᠪᠥᠬᠦ ᠬᠦᠴᠦᠨ ᠢᠶᠠᠷ ᠢᠶᠠᠨ ᠬᠠᠩᠭᠠᠵᠤ ᠪᠠᠶᠢᠨ᠎ᠠ᠃    ᠲᠠᠭ᠎ᠠ ᠶᠢᠨ ᠨᠠᠭᠤᠷ ᠪᠠᠯᠭᠠᠰᠤᠨ ᠤ ᠰᠢ ᠶᠢᠩᠽᠢ ᠶᠢᠨ ᠰᠢᠨ᠎ᠡ ᠬᠥᠳᠡᠭᠡ ᠲᠣᠰᠬᠤᠨ ᠳᠤ᠂ ᠲᠣᠰᠬᠤᠨ ᠤ ᠠᠷᠠᠳ ᠹᠠᠨ ᠠᠶ ᠲᠠᠷᠢᠶᠠᠨ ᠠᠵᠢᠯ ᠢᠶᠠᠨ ᠬᠢᠵᠦ ᠪᠠᠷᠠᠭᠰᠠᠨ ᠤ ᠳᠠᠷᠠᠭ᠎ᠠ ᠲᠦᠷᠭᠡᠨ ᠬᠦᠷᠭᠡᠭᠴᠢ ᠶᠢᠨ ᠮᠡᠳᠡᠭᠳᠡᠯ ᠢ ᠣᠯᠵᠤ᠂ ᠲᠣᠰᠬᠤᠨ ᠤ ᠵᠠᠬ᠎ᠠ ᠳᠠᠬᠢ ᠰᠢᠤᠳᠠᠨ ᠤ ᠲᠦᠷᠭᠡᠨ ᠬᠦᠷᠭᠡᠯᠲᠡ ᠶᠢᠨ ᠲᠣᠤᠷ ᠴᠡᠭ ᠲᠤ ᠬᠦᠷᠴᠦ ᠥᠪᠡᠷ ᠤᠨ ᠲᠦᠷᠭᠡᠨ ᠬᠦᠷᠭᠡᠯᠲᠡ ᠪᠠᠨ ᠣᠯᠵᠤ ᠠᠪᠴᠠᠶ᠂ ᠡᠶᠢᠮᠦ ᠠᠮᠠᠷᠬᠠᠨ ᠢᠶᠠᠷ ᠬᠡᠷ ᠤᠨ ᠡᠭᠦᠳᠡᠨ ᠳᠡᠭᠡᠨ ᠲᠦᠷᠭᠡᠨ ᠬᠦᠷᠭᠡᠯᠲᠡ ᠶᠢ ᠣᠯᠵᠤ ᠠᠪᠤᠭᠰᠠᠨ ᠨᠢ ᠯᠢᠶᠠᠩᠴᠧᠩ ᠰᠢᠶᠠᠨ ᠤ ᠰᠢᠤᠳᠠᠨ ᠤ ᠺᠣᠮᠫᠠᠨᠢ ᠶᠢᠨ ᠲᠦᠷᠭᠡᠨ ᠬᠦᠷᠭᠡᠯᠲᠡ ᠶᠢᠨ ᠬᠥᠳᠡᠭᠡ ᠪᠠᠭᠤᠬᠤ ᠲᠤᠬᠠᠶᠢᠯᠠᠭᠰᠠᠨ ᠠᠵᠢᠯ ᠠᠴᠠ ᠪᠣᠯᠤᠭᠰᠠᠨ ᠶᠤᠮ᠃ ᠡᠳᠦᠷ ᠪᠦᠷᠢ ᠶᠢᠨ ᠥᠷᠯᠥᠭᠡ ᠡᠷᠲᠡ ᠰᠢᠦᠳᠠᠨ ᠤ ᠲᠦᠷᠭᠡᠨ ᠬᠦᠷᠭᠡᠯᠲᠡ ᠶᠢᠨ ᠲᠣᠬᠢᠷᠠᠭᠤᠯᠤᠨ ᠬᠦᠷᠭᠡᠬᠦ ᠲᠡᠷᠭᠡ ᠨᠢ ᠡᠯ᠎ᠡ ᠰᠢᠶᠠᠩ ᠪᠠᠯᠭᠠᠰᠤ ᠪᠠ ᠲᠣᠰᠬᠤᠨ ᠤ ᠲᠦᠷᠭᠡᠨ ᠬᠦᠷᠭᠡᠯᠲᠡ ᠶᠢᠨ ᠲᠣᠣᠷ ᠴᠡᠭ ᠲᠤ ᠴᠠᠭ ᠲᠠᠭᠠᠨ ᠬᠦᠷᠴᠦ ᠲᠣᠬᠢᠷᠠᠭᠤᠯᠤᠨ ᠬᠦᠷᠭᠡᠵᠦ᠂ ᠲᠠᠷᠢᠶᠠᠴᠢᠳ ᠢ ᠲᠣᠰᠬᠤᠨ ᠠᠴᠠ ᠪᠠᠨ ᠭᠠᠷᠬᠤ ᠦᠭᠡᠢ ᠪᠠᠷ ᠳᠥᠭᠦᠮ ᠳᠥᠲᠡ ᠲᠦᠷᠭᠡᠨ ᠬᠦᠷᠭᠡᠯᠲᠡ ᠶᠢᠨ ᠦᠢᠯᠡᠴᠢᠯᠡᠭᠡ ᠶᠢ ᠡᠳ᠋ᠯᠡᠭᠦᠯᠳᠡᠭ᠃    ᠲᠠᠷᠢᠶᠠᠴᠢᠳ ᠤᠨ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠪᠠ ᠬᠥᠳᠡᠭᠡ ᠲᠣᠰᠬᠤᠨ ᠤ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠶᠠᠪᠤᠳᠠᠯ ᠤᠨ ᠠᠯᠬᠤᠮ ᠠᠯᠬᠤᠮ ᠢᠶᠠᠷ ᠲᠦᠭᠡᠮᠡᠯᠵᠢᠬᠦ ᠶᠢ ᠳᠠᠭᠠᠯᠳᠤᠨ᠂ ᠲᠠᠷᠢᠶᠠᠴᠢᠳ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠳᠦᠷ ᠲᠤᠳᠤᠮ ᠤᠨ ᠬᠡᠷᠡᠭᠯᠡᠭᠡᠨ ᠤ ᠵᠦᠢᠯ᠂ ᠦᠷ᠎ᠡ ᠵᠡᠷᠭᠡ ᠶᠢ ᠰᠦᠯᠵᠢᠶᠡᠨ ᠳᠡᠭᠡᠷ᠎ᠡ ᠵᠠᠬᠢᠶᠠᠯᠠᠬᠤ ᠲᠤᠭ᠎ᠠ ᠬᠡᠮᠵᠢᠶ᠎ᠡ ᠡᠳᠦᠷ ᠢᠷᠡᠬᠦᠶ᠎ᠡ ᠨᠡᠮᠡᠭᠳᠡᠵᠦ᠂ ᠬᠥᠳᠡᠭᠡ ᠲᠣᠰᠬᠤᠨ ᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ ᠢᠯᠡᠳᠲᠡ ᠨᠡᠮᠡᠭᠳᠡᠬᠦ ᠪᠠᠶᠢᠳᠠᠯ ᠲᠠᠢ ᠪᠣᠯᠵᠠᠶ᠃ ᠳᠤᠮᠳᠠᠳᠤ ᠤᠯᠤᠰ ᠤᠨ ᠰᠢᠦᠳᠠᠨ ᠤ ᠯᠢᠶᠠᠩᠴᠧᠩ ᠬᠤᠪᠢᠶᠠᠷᠢ ᠺᠣᠮᠫᠠᠨᠢ ᠲᠦᠷᠭᠡᠨ ᠬᠦᠷᠭᠡᠯᠲᠡ ᠶᠢᠨ ᠲᠣᠣᠷ ᠴᠡᠭ ᠤᠯᠠᠨ ᠪᠠᠶᠢᠬᠤ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠲᠦᠷᠭᠡᠨ ᠬᠦᠷᠭᠡᠯᠲᠡ ᠶᠢ ᠬᠥᠳᠡᠭᠡ ᠲᠣᠰᠬᠤᠨ ᠳᠤ ᠬᠦᠷᠭᠡᠬᠦ ᠲᠤᠬᠠᠶᠢᠯᠠᠭᠰᠠᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠤᠬᠢᠷᠠᠭᠤᠯᠤᠨ ᠬᠦᠷᠭᠡᠬᠦ ᠡᠬᠢ ᠪᠠᠶᠠᠯᠢᠭ ᠢ ᠨᠡᠶᠢᠳᠬᠡᠬᠦ᠂ ᠲᠤᠬᠢᠷᠠᠭᠤᠯᠤᠨ ᠬᠦᠷᠭᠡᠬᠦ ᠵᠠᠭᠪᠤᠷ ᠤᠨ ᠰᠢᠨ᠎ᠡ ᠶᠢ ᠡᠭᠦᠳᠬᠦ᠂ ᠲᠣᠮᠢᠯᠠᠨ ᠬᠦᠷᠭᠡᠬᠦ ᠴᠠᠭ ᠢ ᠲᠦᠷᠭᠡᠳᠬᠡᠬᠦ ᠵᠡᠷᠭᠡ ᠠᠷᠭ᠎ᠠ  ᠬᠡᠮᠵᠢᠶ᠎ᠡ ᠪᠠᠷ ᠳᠠᠮᠵᠢᠭᠤᠯᠵᠤ᠂ ᠰᠢᠦᠳᠠᠨ ᠤ ᠵᠦᠢᠯ ᠢ ᠲᠦᠷᠭᠡᠨ ᠪᠥᠭᠡᠳ ᠥᠨᠳᠥᠷ ᠪᠦᠲᠦᠮᠵᠢᠲᠡᠢ ᠪᠠᠷ ᠲᠠᠷᠢᠶᠠᠴᠢᠳ ᠤᠨ ᠭᠠᠷ ᠲᠤ ᠬᠦᠷᠭᠡᠬᠦ ᠶᠢᠨ ᠬᠠᠮᠲᠤ᠂ ᠬᠥᠳᠡᠭᠡ ᠲᠣᠰᠬᠤᠨ ᠤ ᠠᠵᠤ ᠠᠬᠤᠢ ᠶᠢ ᠳᠠᠶᠢᠴᠢᠯᠠᠬᠤ ᠪᠠ ᠲᠠᠷᠢᠶᠠᠴᠢᠳ ᠤᠨ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠬᠤ ᠳᠤ ᠲᠦᠬᠦᠮ ᠦᠵᠡᠭᠦᠯᠬᠦ ᠳᠤ ᠴᠥᠮ ᠢᠳᠡᠪᠬᠢᠲᠡᠢ ᠦᠢᠯᠡᠳᠦᠯ ᠦᠵᠡᠭᠦᠯᠵᠡᠢ᠃
     ᠳᠤᠮᠳᠠᠳᠤ ᠤᠯᠤᠰ ᠤᠨ ᠰᠢᠦᠳᠠᠨ ᠤ ᠯᠢᠶᠠᠩᠴᠧᠩ ᠬᠤᠪᠢᠶᠠᠷᠢ ᠺᠣᠮᠫᠠᠨᠢ    ᠰᠢᠦᠳᠠᠨ ᠵᠦᠢᠯ ᠢ  ᠰᠢᠢᠳᠪᠤᠷᠢᠯᠡᠬᠦ ᠲᠥᠪ ᠤᠨ ᠬᠠᠷᠢᠭᠤᠴᠠᠯᠭᠠᠲᠠᠨ ᠯᠢᠦ ᡁᠢ ᠰᠢᠶᠦ᠋ᠩ    ᠣᠳᠣᠬᠠᠨ ᠳᠤ᠂ ᠪᠦᠬᠦ ᠰᠢᠶᠠᠨ ᠤ ᠨᠠᠢᠮᠠᠨ ᠰᠢᠶᠠᠩ ᠪᠠᠯᠭᠠᠰᠤ᠂ 130 ᠪᠠᠶᠢᠭᠤᠯᠤᠮᠵᠢᠳᠤ ᠲᠣᠰᠬᠤᠨ ᠳᠤ ᠪᠦᠬᠦᠨ ᠢ ᠰᠢᠦᠳᠠᠨ ᠬᠤᠯᠪᠣᠭ᠎ᠠ ᠨᠡᠪᠲᠡᠷᠡᠭᠦᠯᠵᠦ᠂ ᠮᠠᠨ ᠤ ᠰᠢᠶᠠᠨ ᠤ ᠪᠤᠰᠤᠳ ᠠᠷᠠᠳ ᠠᠴᠠ ᠡᠵᠡᠩᠨᠡᠭᠰᠡᠨ ᠲᠦᠷᠭᠡᠨ ᠬᠦᠷᠭᠡᠯᠲᠡ ᠶᠢᠨ ᠺᠣᠮᠫᠠᠨᠢ ᠶᠢᠨ ᠬᠥᠳᠡᠭᠡ ᠲᠣᠰᠬᠤᠨ ᠤ ᠰᠢᠦᠳᠠᠨ ᠤ ᠵᠦᠢᠯ ᠢ ᠪᠦᠬᠦᠨ ᠢ ᠮᠠᠨ ᠤ ᠺᠣᠮᠫᠠᠨᠢ ᠠᠴᠠ ᠲᠣᠬᠢᠷᠠᠭᠤᠯᠤᠨ ᠬᠦᠷᠭᠡᠵᠦ᠂ ᠡᠳᠦᠷ ᠪᠦᠷᠢ ᠳᠤᠮᠳᠠᠴᠢ ᠪᠠᠷ 1000 ᠣᠷᠴᠢᠮ ᠲᠦᠷᠭᠡᠨ ᠬᠦᠷᠭᠡᠯᠲᠡ ᠶᠢ ᠬᠦᠷᠭᠡᠵᠦ᠂ ᠰᠠᠷ᠎ᠠ ᠪᠦᠷᠢ ᠳᠤᠮᠳᠠᠴᠢ ᠪᠠᠷ 27000 ᠣᠷᠴᠢᠮ ᠲᠦᠷᠭᠡᠨ ᠬᠦᠷᠭᠡᠯᠲᠡ ᠶᠢ ᠬᠦᠷᠭᠡᠵᠦ᠂ ᠪᠠᠶᠢᠭᠤᠯᠤᠮᠵᠢᠳᠤ ᠲᠣᠰᠬᠤᠨ ᠤ ᠲᠠᠷᠢᠶᠠᠴᠢᠳ ᠤᠨ ᠰᠢᠦᠳᠠᠨ ᠬᠡᠷᠡᠭᠯᠡᠬᠦ ᠬᠡᠷᠡᠭᠴᠡᠭᠡ ᠶᠢ ᠲᠦᠢᠯ ᠤᠨ ᠶᠡᠭᠡ ᠪᠠᠷ ᠬᠠᠩᠭᠠᠪᠠ᠂ ᠳᠠᠷᠠᠭᠠᠴᠢ ᠶᠢᠨ ᠠᠯᠬᠤᠮ ᠳᠤ ᠪᠢᠳᠡ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠵᠤ᠂ ᠬᠥᠳᠡᠭᠡ ᠲᠣᠰᠬᠤᠨ ᠤ ᠰᠢᠦᠳᠠᠨ ᠬᠤᠯᠪᠣᠭ᠎ᠠ ᠨᠡᠪᠲᠡᠷᠡᠭᠦᠯᠬᠦ ᠠᠵᠢᠯ ᠢ ᠦᠷᠭᠦᠯᠵᠢᠯᠡᠨ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2