ᠵᠢᠷᠭᠤᠳᠤᠭᠠᠷ ᠰᠤᠮᠤ ᠪᠠᠯᠭᠠᠰᠤ  ᠳᠤᠷ᠎ᠠ ᠪᠠᠷ ᠢᠶᠠᠨ ᠣᠷᠣᠰᠢᠭᠤᠯᠬᠤ ᠲᠤᠬᠠᠶ ᠶᠢᠨ ᠲᠠᠯᠠᠪᠠᠶ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/27
   ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠶᠡᠷᠦᠩᠬᠡᠶ ᠱᠠᠭᠠᠷᠳᠠᠯᠭ᠎ᠠ ᠶᠣᠰᠣᠭᠠᠷ᠂ ︽ᠯᠢᠶᠠᠩᠴᠧᠩ ᠰᠢᠶᠠᠨ ᠤ ︿ᠭᠤᠷᠪᠠᠨ ᠳᠠᠭᠠᠤ ᠳᠣᠯᠣᠳᠤᠭᠠᠷ ᠲᠣᠭᠤᠷᠢᠭ﹀ ᠳᠤᠷ᠎ᠠ ᠪᠠᠷ ᠢᠶᠠᠨ ᠣᠷᠣᠰᠢᠭᠤᠯᠬᠤ ᠶᠢ ᠲᠤᠰᠬᠠᠶ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ︵ᠲᠤᠷᠰᠢᠨ ᠬᠡᠷᠡᠭᠵᠢᠭᠦᠯᠬᠦ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 3 ᠰᠠᠷ᠎ᠠ ᠶᠢᠨ 25 ᠤ ᠡᠳᠦᠷ᠂ ᠵᠢᠷᠭᠤᠳᠤᠭᠠᠷ ᠰᠤᠮᠤ ᠪᠠᠯᠭᠠᠰᠤᠨ ᠤ ᠭᠤᠤᠯ ᠤᠳᠤᠷᠢᠳᠤᠯᠭ᠎ᠠ ᠪᠠ ᠬᠠᠮᠢᠶ᠎ᠠ ᠪᠥᠬᠦᠶ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠠᠮᠲᠤ ᠪᠠᠷ ᠡᠮᠦᠨ᠎ᠡ ᠭᠡᠷ᠂ ᠮᠠ ᠯᠢᠶᠠᠨ ᠲᠠᠨ᠂ ᠨᠠᠢᠮᠠᠳᠤᠭᠠᠷ ᠰᠤᠮᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠬᠦᠷᠴᠦ ᠰᠤᠯᠠ ᠪᠤᠯᠠᠵᠤ ᠳᠤᠷ᠎ᠠ ᠪᠠᠷ ᠢᠶᠠᠨ ᠪᠤᠯᠠᠬᠤ ᠶᠢ ᠵᠠᠰᠠᠬᠤ ᠠᠵᠢᠯ ᠢ ᠰᠢᠪᠠᠳᠠᠨ ᠵᠢᠯᠣᠭᠤᠳᠴᠤ ᠠᠬᠢᠭᠤᠯᠪᠠ᠃    ᠤᠳᠤᠷᠢᠳᠤᠯᠭ᠎ᠠ ᠨᠠᠷ ᠲᠤᠬᠠᠶ ᠶᠢᠨ ᠲᠠᠯᠠᠪᠠᠢ ᠳᠤ ᠲᠠᠷᠬᠠᠭᠠᠬᠤ ᠪᠤᠯᠠᠬᠤ ᠳᠤᠷ᠎ᠠ ᠪᠠᠷ ᠢᠶᠠᠨ ᠣᠷᠣᠰᠢᠭᠤᠯᠬᠤ ᠶᠢ ᠵᠠᠰᠠᠬᠤ ᠪᠣᠳᠠᠲᠤ ᠪᠠᠶᠢᠳᠠᠯ ᠢ ᠣᠶᠢᠯᠠᠭᠠᠵᠤ᠂ ᠠᠬᠢᠴᠠ ᠶᠢᠨ ᠰᠠᠭᠤᠷᠢ ᠲᠤᠭ᠎ᠠ ᠶᠢ ᠦᠨᠡᠨ ᠬᠦ ᠲᠣᠳᠣᠷᠬᠠᠢ ᠣᠶᠢᠯᠠᠭᠠᠵᠤ ᠂ ᠡᠯ᠎ᠡ ᠲᠣᠰᠬᠤᠨ ᠤ ᠠᠵᠢᠯ ᠢᠶᠠᠨ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠣᠨᠣᠰᠤᠭᠰᠠᠨ ᠪᠥᠭᠡᠳ ᠰᠤᠯᠠ ᠪᠤᠯᠠᠵᠤ ᠳᠤᠷ᠎ᠠ ᠪᠠᠷ ᠢᠶᠠᠨ ᠪᠤᠯᠠᠬᠤ ᠶᠢ ᠵᠠᠰᠠᠬᠤ ᠠᠵᠢᠯ ᠳᠤ ᠪᠣᠳᠠᠲᠠᠢ ᠰᠡᠳᠬᠢᠴᠡ ᠳᠤᠷᠠᠳᠤᠭᠰᠠᠨ ᠪᠠᠶᠢᠨ᠎ᠠ᠃    ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠴᠢᠬᠤᠯᠠᠴᠢᠯᠠᠭᠰᠠᠨ ᠨᠢ᠂ ᠡᠯ᠎ᠡ ᠲᠣᠰᠬᠤᠨ ᠳᠤ ᠬᠤᠯᠪᠣᠭᠳᠠᠬᠤ ᠬᠠᠩᠰᠢ ᠶᠢᠨ ᠡᠳᠦᠷ ᠠᠴᠠ ᠡᠮᠦᠨᠡᠬᠢ ᠡᠨᠡ ᠬᠦ ᠠᠰᠢᠭᠲᠠᠢ ᠴᠠᠭ ᠲᠣᠬᠢᠶᠠᠯ ᠢ ᠭᠦᠢᠴᠡᠳ ᠠᠰᠢᠭᠯᠠᠵᠤ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠰᠢᠮᠳᠠᠭᠤᠯᠤᠨ ᠪᠠᠶᠢᠴᠠᠭᠠᠬᠤ᠂ ᠬᠤᠣᠰ ᠴᠢᠭᠯᠡᠯ ᠢᠶᠠᠷ ᠬᠦᠴᠦᠯᠡᠬᠦ ᠶᠢ ᠴᠢᠩᠭᠠᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠠᠰᠠᠯᠲᠠ ᠶᠢᠨ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠢ︔ ᠡᠭᠦᠨ ᠤ ᠬᠠᠮᠲᠤ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠯᠢᠶᠠᠩᠴᠧᠩ ᠰᠢᠶᠠᠨ ᠤ ᠬᠠᠷᠢᠶ᠎ᠠ ᠣᠷᠣᠨ ᠤ ᠭᠤᠤᠯ ᠪᠣᠯᠬᠤ ᠵᠠᠮ ᠳᠠᠭᠠᠤ ᠶᠢᠨ ᠪᠤᠯᠠᠰᠢ ᠶᠢ ᠬᠠᠲᠠᠭᠤᠷᠠᠭᠤᠯᠤᠨ ᠵᠠᠰᠠᠬᠤ ᠲᠤᠬᠠᠶ ᠠᠯᠪᠠᠨ ᠵᠠᠷ︾ ᠤᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠣᠷᠣᠰᠢᠭᠤᠯᠭ᠎ᠠ ᠶᠢᠨ ᠥᠭᠡᠷᠡᠴᠢᠯᠡᠯᠲᠡ ᠳᠤ ᠣᠷᠣᠯᠴᠠᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠵᠡᠶ᠃                                        ᠤᠷᠴᠢᠭᠤᠯᠤᠭᠴᠢ᠄ ᠼᠦᠢ ᠴᠢᠩᠢᠷᠡᠯᠳᠡ᠄   ᠵᠢᠷᠭᠤᠳᠤᠭᠠᠷ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2