ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/27
  ︽ᠪᠣᠯᠪᠠᠰᠤᠨ ᠲᠠᠬᠢᠯᠭ᠎ᠠ ᠶᠢ ᠰᠠᠨᠠᠭᠠᠴᠢᠯᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠶ᠎ᠠ︾ ᠭᠡᠬᠦ ᠰᠠᠨᠠᠭᠠᠴᠢᠯᠠᠭ᠎ᠠ ᠶᠢᠨ ᠪᠢᠴᠢᠭ ᠪᠦᠬᠦ ᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠳᠤ᠄     2024 ᠣᠨ ᠳᠤ ᠬᠠᠩᠰᠢ ᠶᠢᠨ ᠡᠳᠦᠷ ᠬᠦᠷᠴᠦ ᠢᠷᠡᠬᠦ ᠭᠡᠵᠦ ᠪᠠᠶᠢᠨ᠎ᠠ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠥᠯᠥᠭᠡ᠂ ᠵᠠᠩ ᠳᠠᠳᠬᠠᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠵᠤ᠂ ᠤᠶᠤᠨ ᠤ ᠪᠣᠯᠪᠠᠰᠤᠨ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠬᠢᠨ ᠰᠢᠨ᠎ᠡ ᠲᠦᠪᠰᠢᠨ ᠳᠤ ᠭᠠᠷᠬᠤ ᠶᠢ ᠠᠬᠢᠭᠤᠯᠤᠨ᠎ᠠ᠃ ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠦᠬᠦ ᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠳᠤ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄    ᠨᠢᠭᠡ᠂ ᠦᠵᠡᠯᠲᠡ ᠪᠠᠨ ᠬᠤᠪᠢᠷᠠᠭᠤᠯᠵᠤ᠂ ᠪᠤᠯᠠᠰᠢᠯᠠᠵᠤ ᠪᠠᠭ᠎ᠠ ᠤᠷᠤᠰᠢᠭᠤᠯᠬᠤ ᠠᠴᠢᠯᠠᠯ ᠤᠨ ᠣᠶᠢᠯᠠᠭᠠᠭᠳᠠᠬᠤᠨ ᠢ ᠪᠣᠶ ᠪᠣᠯᠭᠠᠬᠤ ᠬᠡᠷᠡᠭᠲᠡᠶ᠃ ︽ᠠᠴᠢ ᠶᠢ ᠲᠡᠷᠢᠭᠦᠨ ᠳᠤ ᠲᠠᠯᠪᠢᠵᠤ᠂ ᠠᠴᠢ ᠶᠢ ᠬᠦᠨᠳᠦᠯᠡᠵᠦ᠂ ᠠᠷᠪᠢᠴᠢ ᠭᠠᠮᠲᠠᠶ ᠪᠠᠶᠢᠬᠤ ᠶᠢ ᠡᠷᠬᠢᠮᠯᠡᠬᠦ︾ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂ ᠣᠷᠣᠰᠢᠭᠤᠯᠭ᠎ᠠ ᠶᠢᠨ ᠶᠠᠪᠤᠳᠠᠯ ᠢ ᠳᠥᠭᠦᠮᠴᠢᠯᠡᠬᠦ ᠶᠢ ᠰᠠᠨᠠᠭᠠᠴᠢᠯᠠᠵᠤ᠂ ᠤᠬᠠᠮᠰᠠᠷ ᠠᠴᠠ ᠪᠠᠨ ᠭᠦᠨ ᠠᠰᠠᠷᠠᠮᠵᠢ ᠲᠠᠢ ᠣᠷᠣᠰᠢᠭᠤᠯᠭ᠎ᠠ ᠶᠢᠨ ᠦᠵᠡᠯᠲᠡ ᠶᠢ ᠢᠯᠡᠭᠦᠬᠡᠨ ᠬᠡᠷᠡᠭᠵᠢᠭᠦᠯᠵᠦ᠂ ᠨᠠᠰᠤᠲᠠᠨ ᠨᠠᠰᠤ ᠪᠠᠷᠠᠪᠠᠯ ᠠᠰᠠᠷᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ ᠪᠣᠯᠭᠠᠨ᠎ᠠ︔ ᠨᠠᠰᠤᠲᠠᠨ ᠨᠠᠰᠤ ᠨᠥᠭᠴᠢᠭᠰᠡᠨ ᠤ ᠲᠠᠷᠠᠭ᠎ᠠ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠵᠦ᠂ ᠠᠷᠪᠢᠴᠢ ᠭᠠᠮᠲᠠᠶ ᠬᠢᠵᠦ ᠳᠡᠶᠢᠯᠬᠦ ᠦᠭᠡᠢ ᠪᠠᠶᠢᠵᠤ᠂ ᠠᠷᠪᠢᠴᠢ ᠭᠠᠮᠲᠠᠶ ᠲᠠᠬᠢᠯᠭ᠎ᠠ ᠶᠢᠨ ᠬᠡᠯᠪᠡᠷᠢ ᠪᠠᠷ ᠭᠠᠰᠢᠭᠤᠳᠠᠯ ᠢᠶᠠᠨ ᠢᠯᠡᠳᠬᠡᠵᠦ᠂ ᠳᠤᠮᠳᠠᠳᠤ ᠶᠢᠨ ᠦᠨᠳᠦᠰᠦᠲᠡᠨ ᠤ ᠡᠭᠦᠷᠢᠳᠡ ᠮᠥᠷᠳᠡᠵᠦ ᠬᠤᠯᠠ ᠶᠢ ᠬᠥᠭᠡᠭᠡᠴᠡᠯᠳᠦᠬᠦ ᠰᠡᠳᠬᠢᠯᠭᠡ ᠶᠢ ᠤᠳᠤ ᠦᠶ᠎ᠡ ᠶᠢᠨ ᠪᠣᠯᠪᠠᠰᠤᠨ ᠤ ᠢᠯᠡᠳᠬᠡᠬᠦ ᠬᠡᠯᠪᠡᠷᠢ ᠳᠤ ᠠᠭᠤᠰᠤᠯᠴᠠᠭᠤᠯᠤᠨ᠎ᠠ᠃    ᠬᠤᠶᠠᠷ᠂ ᠣᠷᠴᠢᠨ ᠲᠣᠭᠤᠷᠢᠨ ᠢ ᠬᠠᠮᠠᠭᠠᠯᠠᠬᠤ ᠶᠢ ᠰᠠᠨᠠᠭᠠᠴᠢᠯᠠᠵᠤ᠂ ᠪᠣᠯᠪᠠᠰᠤᠨ  ᠠᠮᠤᠷ ᠲᠦᠪᠰᠢᠨ‌‍ᠲ᠋ᠠᠬᠢᠯᠭ᠎ᠠ ᠶᠢᠨ ᠠᠷᠭ᠎ᠠ ᠮᠠᠶ᠋ᠢᠭ ᠢ ᠰᠣᠩᠭᠤᠬᠤ ᠬᠡᠷᠡᠭᠲᠡᠢ᠃ ᠲᠠᠬᠢᠯᠭ᠎ᠠ ᠶᠢᠨ ᠮᠠᠭᠤ ᠳᠠᠳᠬᠠᠯ ᠢ ᠤᠬᠠᠮᠰᠠᠷ ᠠᠴᠠ ᠪᠠᠨ ᠲᠠᠶᠠᠭᠳᠠᠵᠤ᠂ ᠰᠣᠷᠭᠤᠭ ᠴᠡᠴᠡᠭ ᠬᠦᠷᠭᠡᠬᠦ᠂ ᠬᠥᠬᠡ ᠲᠠᠬᠢᠯᠭ᠎ᠠ᠂ ᠲᠠᠬᠢᠯᠭ᠎ᠠ ᠶᠢᠨ ᠪᠢᠴᠢᠭ ᠢ ᠤᠩᠰᠢᠬᠤ᠂ ᠣᠩᠭᠤᠨ ᠤ ᠬᠥᠰᠢᠶ᠎ᠡ ᠶᠢ ᠴᠡᠪᠡᠷᠯᠡᠬᠦ᠂ ᠰᠦᠯᠵᠢᠶᠡᠨ ᠳᠡᠭᠡᠷ᠎ᠡ ᠳᠤᠷᠠᠰᠬᠠᠬᠤ᠂ ᠬᠠᠮᠲᠤ ᠶᠢᠨ ᠠᠯᠪᠠᠨ ᠲᠠᠬᠢᠯᠭ᠎ᠠ᠂ ᠨᠡᠶᠢᠭᠡᠮ ᠲᠣᠭᠤᠷᠢᠭ ᠤᠨ ᠬᠠᠮᠲᠤ ᠶᠢᠨ ᠲᠠᠬᠢᠯᠭ᠎ᠠ᠂ ᠭᠡᠷ ᠪᠦᠯᠢ ᠶᠢᠨ ᠳᠤᠷᠠᠰᠤᠨ ᠰᠠᠨᠠᠭᠠᠯᠵᠠᠬᠤ ᠬᠤᠷᠠᠯ ᠵᠡᠷᠭᠡ ᠪᠣᠯᠪᠠᠰᠤᠨ ᠤᠳᠤ ᠦᠶ᠎ᠡ ᠶᠢᠨ ᠲᠠᠬᠢᠯᠭ᠎ᠠ ᠶᠢᠨ ᠠᠷᠭ᠎ᠠ ᠬᠡᠯᠪᠡᠷᠢ ᠶᠢ ᠬᠡᠷᠡᠭᠯᠡᠨ᠎ᠡ᠃ ᠲᠠᠬᠢᠯᠭ᠎ᠠ ᠶᠢᠨ ᠠᠵᠢᠯᠯᠠᠭ᠎ᠠ ᠳᠤᠮᠳᠠᠬᠢ ᠮᠤᠬᠤᠷ ᠪᠢᠰᠢᠷᠡᠯ ᠤᠨ ᠦᠢᠯᠡ ᠠᠵᠢᠯᠯᠠᠭ᠎ᠠ ᠪᠣᠯᠤᠨ ᠴᠠᠭᠠᠰᠤᠨ ᠵᠣᠭᠤᠰ᠂ ᠬᠦᠵᠢ ᠵᠤᠯᠠ ᠵᠡᠷᠭᠡ ᠪᠤᠯᠬᠢ ᠪᠦᠳᠦᠭᠦᠯᠢᠭ ᠲᠠᠬᠢᠯᠭ᠎ᠠ ᠶᠢᠨ ᠬᠡᠷᠡᠭᠰᠡᠯ ᠢ ᠬᠡᠷᠡᠭᠯᠡᠬᠦ ᠶᠢ ᠡᠷᠡᠰ ᠬᠤᠷᠢᠭᠯᠠᠨ᠎ᠠ᠃ ᠵᠡᠭᠡᠯᠢ ᠭᠤᠳᠤᠮᠵᠢ ᠶᠢᠨ ᠵᠠᠮ ᠤᠨ ᠠᠭᠤᠯᠵᠠᠷ᠂ ᠨᠣᠭᠤᠭᠠᠨ ᠭᠠᠵᠠᠷ᠂ ᠨᠡᠶᠢᠲᠡ ᠶᠢᠨ ᠣᠩᠭᠤᠨ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠢᠲᠠᠭᠠᠬᠤ᠂ ᠬᠤᠸᠠᠷ ᠫᠤᠤᠵᠢᠩ ᠲᠠᠯᠪᠢᠬᠤ᠂ ᠲᠠᠬᠢᠯᠭ᠎ᠠ ᠶᠢᠨ ᠡᠳ᠋ ᠲᠠᠯᠪᠢᠬᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠠᠮᠲᠤ ᠪᠠᠷ ᠰᠠᠶᠢᠨ ᠰᠠᠶᠢᠬᠠᠨ ᠬᠡᠷ ᠣᠷᠣᠨ ᠢᠶᠠᠨ ᠬᠠᠮᠠᠭᠠᠯᠠᠨ᠎ᠠ᠃    ᠭᠤᠷᠪᠠ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠠᠬᠠᠶ ᠪᠤᠯᠠᠵᠤ ᠳᠤᠷ᠎ᠠ ᠪᠠᠷ ᠪᠤᠯᠠᠬᠤ ᠦᠵᠡᠭᠳᠡᠯ ᠢ ᠡᠷᠡᠰ ᠵᠠᠰᠠᠬᠤ ᠬᠡᠷᠡᠭᠲᠡᠶ᠃ ︽ᠭᠤᠷᠪᠠᠨ ᠳᠠᠭᠠᠤ ᠳᠣᠯᠣᠭᠠᠨ ᠲᠣᠭᠤᠷᠢᠭ︾ ︵ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ᠂ ᠤᠰᠤᠨ ᠴᠥᠭᠦᠷᠥᠮ ᠤᠨ ᠣᠶᠢᠷ᠎ᠠ ᠬᠠᠪᠢ ᠵᠢᠴᠢ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ᠂ ᠲᠠᠷᠢᠶᠠᠨ ᠭᠠᠵᠠᠷ᠂ ᠣᠶ ᠮᠣᠳᠣᠨ ᠤ ᠭᠠᠵᠠᠷ᠂ ᠨᠤᠲᠤᠭ ᠪᠡᠯᠴᠢᠭᠡᠷ᠂ ᠬᠤᠲᠠ ᠶᠢᠨ ᠴᠡᠴᠡᠷᠯᠢᠭ᠂ ᠦᠵᠡᠮᠵᠢ ᠶᠢᠨ ᠨᠡᠷᠡᠲᠦ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ ᠪᠣᠯᠤᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ︶ ᠰᠢᠨ᠎ᠡ ᠪᠠᠷ ᠪᠤᠯᠠᠰᠢᠨ ᠪᠤᠯᠠᠰᠢᠨ ᠤ ᠭᠠᠵᠠᠷ᠂ ᠰᠤᠯᠠ ᠪᠤᠯᠠᠵᠤ ᠳᠤᠷ᠎ᠠ ᠪᠠᠷ ᠢᠶᠠᠨ ᠪᠤᠯᠠᠬᠤ᠂ ᠶᠡᠭᠡ ᠣᠩᠭᠤᠨ᠂ ᠬᠡᠭᠡᠨᠴᠢᠷ ᠪᠤᠯᠠᠰᠢ ᠪᠠᠷᠢᠬᠤ ᠶᠢ ᠵᠣᠭᠰᠣᠭᠠᠵᠤ᠂ ᠪᠤᠯᠠᠰᠢ ᠶᠢᠨ ᠣᠳᠣᠶ ᠬᠡᠯᠪᠡᠷᠢᠵᠢᠭᠦᠯᠬᠦ ᠶᠢ ᠰᠠᠨᠠᠭᠠᠴᠢᠯᠠᠬᠤ ᠬᠡᠷᠡᠭᠲᠡᠶ᠃ ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠭᠦᠨ ᠪᠤᠯᠠᠬᠤ᠂ ᠮᠣᠳᠣ ᠣᠷᠣᠰᠢᠭᠤᠯᠬᠤ ᠪᠠ ᠵᠦᠯᠭᠡ ᠪᠤᠯᠠᠬᠤ ᠵᠡᠷᠭᠡ ᠨᠣᠭᠤᠭᠠᠨ ᠬᠥᠷᠥᠰᠥ ᠪᠠᠷ ᠤᠷᠤᠰᠢᠭᠤᠯᠬᠤ ᠮᠠᠶ᠋ᠢᠭ ᠤᠨ ᠣᠷᠣᠰᠢᠭᠤᠯᠭ᠎ᠠ ᠶᠢᠨ ᠠᠷᠭ᠎ᠠ ᠶᠢ ᠰᠣᠩᠭᠤᠨ᠎ᠠ᠃    ᠲᠦᠷᠪᠡ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠨᠠᠮ ᠤᠨ ᠭᠡᠰᠢᠭᠦᠨ ᠺᠠᠳ᠋ᠷᠴᠤᠳ ᠤᠨ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠡᠭᠦᠷᠭᠡ ᠬᠦᠨᠳᠦ ᠵᠠᠮ ᠬᠤᠯᠠ᠂ ᠬᠥᠮᠦᠨ ᠪᠦᠬᠦᠨ ᠬᠠᠷᠢᠭᠤᠴᠠᠯᠭ᠎ᠠ ᠲᠠᠢ᠃ ᠪᠥᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠲᠥᠷᠥᠯ ᠰᠠᠳᠤᠨ᠂ ᠨᠠᠶᠢᠵᠠ ᠪᠠ ᠡᠷᠬᠢᠨ ᠲᠣᠭᠤᠷᠢᠨ ᠤ ᠣᠯᠠᠨ ᠲᠦᠮᠡᠨ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠥᠮᠦᠵᠢᠯ ᠵᠢᠯᠣᠭᠤᠳᠣᠯᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠭᠤᠴᠢᠨ ᠶᠣᠰᠣ ᠪᠦᠳᠦᠭᠦᠯᠢᠭ ᠵᠠᠩᠰᠢᠯ ᠠᠴᠠ ᠰᠠᠯᠬᠤ᠂ ᠪᠣᠯᠪᠠᠰᠤᠨ ᠢ ᠡᠷᠬᠢᠮᠯᠡᠬᠦ ᠳᠠᠭᠠᠭᠤᠯᠤᠭᠴᠢ ᠪᠣᠯᠬᠤ ᠪᠠᠷ ᠴᠢᠷᠮᠠᠶᠢᠵᠤ᠂ ᠳᠤᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ᠂ ᠪᠣᠯᠪᠠᠰᠤᠨ ᠲᠠᠬᠢᠯᠭ᠎ᠠ ᠶᠢᠨ ᠠᠬᠢᠭᠤᠯᠤᠭᠴᠢ ᠪᠣᠯᠬᠤ ᠬᠡᠷᠡᠭᠲᠡᠶ᠃     ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠥᠭᠡᠷᠡᠴᠢᠯᠡᠯᠲᠡ ᠨᠢ ᠣᠳᠣ ᠦᠶ᠎ᠡ ᠳᠤ ᠭᠠᠪᠢᠶ᠎ᠠ ᠲᠠᠢ᠂ ᠥᠨᠢ ᠤᠳᠠᠭᠠᠨ ᠠᠰᠢᠭ ᠲᠤᠰᠠ ᠲᠠᠢ ᠶᠤᠮ᠂ ᠡᠨᠡ ᠪᠣᠯ ᠮᠢᠩᠭᠠᠨ ᠵᠢᠯ ᠤᠨ ᠬᠠᠭᠤᠴᠢᠨ ᠵᠠᠩᠰᠢᠯ ᠢ ᠡᠪᠳᠡᠵᠦ᠂ ᠨᠢᠭᠡ ᠦᠶ᠎ᠡ ᠶᠢᠨ ᠰᠢᠨ᠎ᠡ ᠰᠤᠷᠲᠠᠯ ᠢ ᠪᠤᠢ ᠪᠣᠯᠭᠠᠬᠤ ᠨᠡᠶᠢᠭᠡᠮ ᠤᠨ ᠥᠭᠡᠷᠡᠴᠢᠯᠡᠯᠲᠡ ᠮᠥᠨ᠂ ᠤᠯᠤᠰ ᠣᠷᠣᠨ ᠳᠤ ᠠᠰᠢᠭᠲᠠᠶ ᠠᠷᠠᠳ ᠲᠤ ᠠᠰᠢᠭᠲᠠᠶ ᠪᠠ ᠦᠷ᠎ᠡ ᠬᠤᠶᠢᠴᠢᠰ ᠲᠠᠭᠠᠨ ᠠᠰᠢᠭ ᠬᠦᠷᠲᠡᠭᠡᠬᠦ ᠰᠠᠶᠢᠨ ᠶᠠᠪᠤᠳᠠᠯ ᠪᠣᠳᠠᠲᠤ ᠶᠠᠪᠤᠳᠠᠯ ᠮᠥᠨ᠃ ᠪᠢᠳᠡ ᠭᠠᠷ ᠬᠤᠯᠪᠣᠯᠴᠠᠨ ᠵᠡᠷᠭᠡ ᠪᠠᠷ ᠤᠷᠤᠭᠰᠢᠯᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠡᠯ᠎ᠡ  ᠵᠤᠶᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠪᠣᠯᠪᠠᠰᠤᠨ ᠣᠷᠣᠰᠢᠭᠤᠯᠭ᠎ᠠ ᠶᠢ ᠤᠬᠠᠮᠰᠠᠷ ᠠᠴᠠ ᠪᠠᠨ ᠬᠡᠷᠡᠭᠵᠢᠭᠦᠯᠵᠦ᠂ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠪᠣᠯᠪᠠᠰᠤᠨ ᠣᠳᠣᠬᠢᠴᠢᠯᠠᠭᠰᠠᠨ ᠤᠯᠠᠭᠠᠨᠴᠠᠪ ᠢ ᠬᠠᠮᠲᠤ ᠪᠠᠷ ᠪᠥᠲᠥᠭᠡᠨ ᠪᠠᠶᠢᠭᠤᠯᠤᠶ᠎ᠠ︕                ᠤᠯᠠᠭᠠᠨᠴᠠᠪ ᠬᠤᠲᠠ ᠶᠢᠨ ᠠᠷᠠᠳ ᠶᠢᠨ ᠶᠠᠪᠤᠳᠠᠯ ᠤᠨ ᠲᠣᠪᠴᠢᠶ᠎ᠠ                    2024 ᠣᠨ ᠤ 3 ᠰᠠᠷ᠎ᠠ ᠶᠢᠨ 25 ᠤ ᠡᠳᠦᠷ                                            ᠨᠠᠶᠢᠷᠠᠭᠤᠯᠤᠭᠴᠢ᠄   ᠶᠠᠩ  ᠿᠦᠢ ᠵᠧᠨ                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2