ᠯᠢᠶᠠᠩᠴᠧᠩ ᠰᠢᠶᠠᠨ ᠤ ᠭᠤᠷᠪᠠᠳᠤᠭᠠᠷ ᠬᠤᠭᠤᠴᠠᠭᠠᠨ ᠤ ︽ᠠᠵᠢᠯᠴᠢᠨ ᠤ ᠡᠪᠯᠡᠯ ᠬᠤᠨᠳᠠᠭᠠᠲᠤ︾ ᠠᠵᠢᠯᠲᠠᠨ ᠠᠵᠢᠯᠴᠢᠨ ᠤ ᠫᠢᠩᠫᠠᠩ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/3/28
   ᠯᠢᠶᠠᠩᠴᠧᠩ ᠰᠢᠶᠠᠨ ᠤ ᠠᠵᠢᠯᠲᠠᠨ ᠠᠵᠢᠯᠴᠢᠨ ᠤ ᠠᠵᠢᠯ ᠤᠨ ᠴᠢᠯᠥᠭᠡᠨ ᠤ ᠰᠣᠶᠣᠯ ᠲᠠᠮᠢᠷ ᠤᠨ ᠠᠮᠢᠳᠤᠷᠠᠯ ᠢ ᠤᠯᠠᠮ ᠪᠠᠶᠠᠯᠢᠭᠵᠢᠭᠤᠯᠬᠤ ᠵᠢᠨ‌‍ᠲ᠋ᠦ᠋ᠯᠦᠭᠡ  ᠂ ᠪᠥᠬᠦ ᠰᠢᠶᠠᠨ ᠤ ᠣᠯᠠᠨ ᠲᠦᠮᠡᠨ ᠤ ᠪᠡᠶ᠎ᠡ ᠶᠢᠨ ᠲᠠᠮᠢᠷ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ  ᠤᠶᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ 3 ᠰᠠᠷ᠎ᠠ ᠶᠢᠨ 27 ᠤ ᠡᠳᠦᠷ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠠᠴᠠ ᠬᠠᠮᠲᠤᠷᠠᠨ ᠡᠷᠭᠢᠯᠡᠭᠰᠡᠨ ᠭᠤᠷᠪᠠᠳᠤᠭᠠᠷ ᠬᠤᠭᠤᠴᠠᠭᠠᠨ ᠤ ︽ᠠᠵᠢᠯᠴᠢᠨ ᠤ ᠡᠪᠯᠡᠯ ᠬᠤᠨᠳᠠᠭᠠᠲᠤ︾ ᠠᠵᠢᠯᠲᠠᠨ ᠠᠵᠢᠯᠴᠢᠨ ᠤ ᠫᠢᠩᠫᠠᠩ ᠪᠥᠮᠪᠦᠭᠡ ᠶᠢᠨ ᠤᠷᠤᠯᠳᠤᠭᠠᠨ ᠰᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠲᠤ ᠡᠬᠢᠯᠡᠪᠡ᠃ ᠰᠢᠶᠠᠨ ᠤ ᠤᠳᠤᠷᠢᠳᠤᠯᠭ᠎ᠠ ᠯᠢ ᡁᠢ ᠭᠠᠩ᠂ ᠳ᠋ᠠᠶ ᠵᠢᠶᠠᠨ ᠵᠥᠩ᠂ ᠸᠠᠩ ᠯᠸᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠲᠤᠰ ᠤᠳᠠᠭᠠᠨ ᠤ ᠤᠷᠤᠯᠳᠤᠭᠠᠨ ᠳᠤ ᠨᠡᠶᠢᠲᠡ 11 ᠠᠩᠭᠢ ᠣᠷᠣᠯᠴᠠᠵᠤ᠂ ᠤᠷᠤᠯᠳᠤᠭᠠᠨ ᠤ ᠵᠦᠢᠯ ᠳᠤ᠄ ᠬᠤᠯᠢᠮᠠᠭ ᠪᠦᠯᠬᠦᠮ᠂ ᠡᠷᠡᠭᠲᠡᠶ ᠶᠢᠨ ᠬᠤᠣᠰᠯᠠᠨ ᠴᠣᠬᠢᠬᠤ᠂ ᠡᠮᠡᠭᠲᠡᠶ ᠶᠢᠨ ᠬᠤᠣᠰᠯᠠᠨ ᠴᠣᠬᠢᠬᠤ᠂ ᠡᠷᠡᠭᠲᠡᠶ ᠶᠢᠨ ᠭᠠᠭᠴᠠ ᠪᠠᠷ ᠴᠣᠬᠢᠬᠤ᠂ ᠡᠮᠡᠭᠲᠡᠶ ᠶᠢᠨ ᠭᠠᠭᠴᠠ ᠪᠠᠷ ᠴᠣᠬᠢᠬᠤ ᠵᠡᠷᠭᠡ ᠪᠠᠭᠲᠠᠨ᠎ᠠ᠃ ᠤᠷᠤᠯᠳᠤᠭᠠᠨ ᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠲᠠᠮᠢᠷᠴᠢᠳ ᠬᠥᠯᠥᠰᠥ ᠪᠠᠨ ᠤᠷᠤᠰᠬᠠᠵᠤ᠂ ᠭᠠᠷ ᠢᠶᠠᠨ ᠰᠠᠵᠢᠨ ᠫᠠᠶᠢᠰᠠ ᠪᠠᠨ ᠬᠤᠷᠦ᠋ᠢᠯᠠᠵᠤ᠂ ᠭᠤᠶᠢᠳᠠ ᠰᠠᠶᠢᠬᠠᠨ ᠪᠥᠮᠪᠦᠭᠡ ᠶᠢᠨ ᠮᠡᠷᠭᠡᠵᠢᠯ ᠪᠣᠯᠤᠨ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠷᠠᠶᠢᠯᠠᠯ ᠤᠨ ᠳᠠᠭᠤᠨ ᠢ ᠣᠯᠤᠭᠰᠠᠨ ᠪᠠᠶᠢᠨ᠎ᠠ᠃  ᠤᠷᠤᠯᠳᠤᠭᠠᠨ ᠤ ᠶᠠᠪᠤᠴᠠ ᠳᠤ᠂ ᠡᠯ᠎ᠡ ᠲᠥᠯᠥᠭᠡᠯᠡᠭᠴᠢᠳ ᠤᠨ ᠠᠩᠭᠢ ᠤᠷᠤᠯᠳᠤᠭᠠᠨ ᠤ ᠳᠦᠷᠢᠮ ᠢ ᠴᠢᠩᠭ᠎ᠠ ᠵᠢᠷᠤᠮᠯᠠᠨ᠂ ᠰᠢᠯᠢᠳᠡᠭ ᠰᠠᠶᠢᠨ ᠪᠡᠶ᠎ᠡ ᠲᠠᠮᠢᠷ ᠤᠨ ᠶᠣᠰᠣ ᠮᠣᠷᠠᠯ ᠤᠨ ᠬᠡᠪ ᠰᠤᠷᠲᠠᠯ ᠢ ᠢᠯᠡᠷᠡᠭᠦᠯᠵᠦ᠂ ᠲᠠᠮᠢᠷᠴᠢᠳ ᠬᠤᠭᠤᠷᠣᠨᠳᠣ ᠪᠠᠨ ᠪᠥᠮᠪᠥᠭᠡᠨ ᠮᠡᠷᠭᠡᠵᠢᠯ ᠢᠶᠠᠨ ᠰᠣᠯᠢᠯᠴᠠᠵᠤ᠂ ᠨᠥᠬᠦᠷᠯᠡᠯ ᠢᠶᠠᠨ ᠵᠤᠵᠠᠭᠠᠳᠬᠠᠵᠠᠶ᠃
   ᠮᠠᠶᠢᠬᠤᠳᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠲᠥᠯᠥᠭᠡᠯᠡᠭᠴᠢᠳ ᠤᠨ ᠠᠩᠭᠢ ᠶᠢᠨ ᠭᠡᠰᠢᠭᠦᠨ ᠮᠠ ᠰᠢᠶᠤᠤ ᠪᠥᠸᠧ    ᠲᠣᠰ ᠤᠳᠠᠭᠠᠨ ᠤ ᠠᠵᠢᠯᠯᠠᠭ᠎ᠠ ᠨᠢ ᠮᠠᠨ ᠤ ᠰᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠤᠶᠢᠯᠡᠰ ᠤᠨ ᠡᠷᠡᠭᠦᠯ ᠢᠶᠠᠷ ᠬᠥᠭᠵᠢᠬᠦ ᠶᠢ  ᠭᠦᠢᠴᠡᠳ ᠬᠠᠷᠠᠭᠤᠯᠵᠤ᠂ ᠡᠯ᠎ᠡ ᠨᠢᠭᠡᠴᠡ ᠶᠢᠨ ᠠᠵᠢᠯᠲᠠᠨ ᠠᠵᠢᠯᠴᠢᠨ ᠳᠤ ᠴᠤ ᠨᠡᠪᠲᠡᠷᠡᠯᠴᠡᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ᠂ ᠡᠩᠨᠡᠭᠡ ᠪᠠᠨ ᠳᠠᠪᠲᠠᠨ ᠪᠣᠯᠪᠠᠰᠤᠷᠠᠭᠤᠯᠬᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠬᠤ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ  ᠭᠡᠪᠡ᠃
    ᠣᠶᠢᠯᠠᠭᠠᠭᠰᠠᠨ ᠢᠶᠠᠷ᠂ ᠭᠤᠷᠪᠠᠳᠤᠭᠠᠷ ᠬᠤᠭᠤᠴᠠᠭᠠᠨ ᠤ ︽ᠠᠵᠢᠯᠴᠢᠨ ᠤ ᠡᠪᠯᠡᠯ ᠬᠤᠨᠳᠠᠭᠠᠲᠤ︾ ᠠᠵᠢᠯᠲᠠᠨ ᠠᠵᠢᠯᠴᠢᠨ ᠤ ᠫᠢᠩᠫᠠᠩ ᠪᠥᠮᠪᠦᠭᠡ ᠶᠢᠨ ᠤᠷᠤᠯᠳᠤᠭᠠᠨ ᠭᠤᠷᠪᠠᠨ ᠡᠳᠦᠷ ᠦᠷᠭᠦᠯᠵᠢᠯᠡᠬᠦ ᠪᠣᠯᠤᠨ᠎ᠠ᠂ ᠰᠢᠯᠭᠠᠷᠠᠭᠤᠯᠤᠯᠲᠠ ᠶᠢᠨ ᠳ᠋ᠦᠩ ᠳᠤ ᠬᠠᠮᠲᠤ ᠶᠢᠨ ᠤᠷᠤᠯᠳᠤᠭᠠᠨ ᠤ ᠲᠦᠷᠦᠭᠦᠦ ᠭᠤᠷᠪᠠᠨ ᠨᠡᠷᠡᠰ ᠲᠤ ᠣᠷᠣᠵᠤ᠂ ᠬᠤᠪᠢ ᠬᠥᠮᠦᠨ ᠤ ᠤᠷᠤᠯᠳᠤᠭᠠᠨ ᠤ ᠲᠦᠷᠦᠭᠦᠦ ᠵᠢᠷᠭᠤᠭᠠᠨ ᠨᠡᠷᠡᠰ ᠲᠤ ᠣᠷᠣᠬᠤ ᠪᠥᠭᠡᠳ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠤᠨ ᠱᠠᠩᠨᠠᠯ 2᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ 2᠂ ᠰᠢᠯᠢᠳᠡᠭ ᠬᠢᠨᠠᠭᠴᠢ 3 ᠨᠡᠷᠡᠰ  ᠲᠤᠳᠤᠷᠠᠭᠰᠠᠨ ᠪᠠᠶᠢᠨ᠎ᠠ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2