ᠮᠠᠨ ᠤ ᠰᠢᠶᠠᠨ 29 ᠳ᠋ᠦ᠋ᠭᠡᠷ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ  ᠤᠬᠠᠭᠤᠯᠭ᠎ᠠ  ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/28
   2024 ᠣᠨ ᠤ 3 ᠰᠠᠷ᠎ᠠ ᠶᠢᠨ 25- 29 ᠤ ᠡᠳᠦᠷ ᠪᠣᠯ 29 ᠳ᠋ᠦ᠋ᠭᠡᠷ ᠪᠥᠬᠦ ᠤᠯᠤᠰ ᠤᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠭᠠᠷᠠᠭ︾ ᠪᠣᠯᠤᠨ᠎ᠠ᠂ ᠡᠨᠡ ᠵᠢᠯ ᠤᠨ ᠭᠤᠤᠯ ᠰᠡᠳᠦᠪ ᠪᠣᠯ ︽ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠶᠤᠯ ᠠᠴᠠ ᠵᠠᠶᠢᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ︾ ᠪᠣᠯᠤᠨ᠎ᠠ᠃ ᠪᠥᠬᠦ ᠰᠢᠶᠠᠨ ᠤ ᠪᠠᠭᠰᠢ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠥᠷᠭᠡᠨ ᠣᠯᠠᠨ ᠪᠠᠭᠰᠢ ᠰᠤᠷᠤᠭᠴᠢᠳ ᠢ ︽ᠠᠮᠢ ᠨᠠᠰᠤ ᠪᠠᠨ ᠨᠠᠨᠳᠢᠩᠨᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠵᠤ᠂ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ︾ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 27 ᠤ ᠡᠳᠦᠷ᠂ ᠮᠠᠨ ᠤ ᠰᠢᠶᠠᠨ 29 ᠳ᠋ᠦ᠋ᠭᠡᠷ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠭᠠᠷᠠᠭ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠦ ᠶᠢᠦ ᠹᠦ᠋ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃
   ᠠᠵᠢᠯᠯᠠᠭ᠎ᠠ ᠶᠢᠨ ᠳᠤᠮᠳᠠ᠂ ᠠᠵᠢᠯᠲᠠᠳ ᠲᠤᠬᠠᠶ ᠶᠢᠨ ᠲᠠᠯᠠᠪᠤᠷ ᠤᠨ ᠣᠯᠠᠨ ᠲᠦᠮᠡᠨ ᠪᠣᠯᠤᠨ ᠪᠠᠭᠰᠢ ᠰᠤᠷᠤᠭᠴᠢᠳ ᠲᠤ ᠳᠤᠮᠳᠠᠳᠤ ᠪᠠᠭ᠎ᠠ ᠰᠤᠷᠭᠠᠭᠤᠯᠢ ᠶᠢᠨ ︽ᠪᠥᠬᠦ ᠤᠯᠤᠰ ᠤᠨ ᠬᠤᠤᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠤᠩᠰᠢᠬᠤ ᠪᠢᠴᠢᠭ︾᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠠᠴᠢᠮ ᠪᠠᠶᠢᠳᠠᠯ ᠢ  ᠠᠷᠭᠠᠴᠠᠭᠠᠵᠤ ᠠᠶᠤᠯ ᠠᠴᠠ ᠵᠠᠶᠢᠯᠠᠬᠤ ᠭᠠᠷ ᠳᠡᠪᠲᠡᠷ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠣᠰ ᠲᠣᠰ ᠲᠠᠷᠬᠠᠭᠠᠭᠰᠠᠨ ᠪᠥᠭᠡᠳ ᠣᠯᠠᠨ ᠲᠦᠮᠡᠨ ᠤ ᠠᠮᠤᠷ ᠲᠦᠪᠰᠢᠨ ᠤ ᠮᠡᠳᠡᠯᠭᠡ ᠶᠢ ᠬᠦᠯᠢᠴᠡᠩᠭᠦᠶ ᠪᠠᠷ ᠲᠦᠭᠡᠮᠡᠯᠵᠢᠭᠦᠯᠵᠡᠶ᠃    ᠪᠢᠳᠡᠨ ᠤ ᠦᠰᠦᠨ ᠪᠤᠶᠢᠵᠢᠬᠤ ᠵᠠᠮ ᠳᠡᠭᠡᠷ᠎ᠡ᠂ ᠠᠮᠤᠷ ᠲᠦᠪᠰᠢᠨ ᠪᠣᠯ ᠲᠡᠷᠢᠭᠦᠨ ᠴᠢᠬᠤᠯᠠ ᠶᠤᠮ᠃ ᠭᠡᠷ ᠪᠦᠯᠢ ᠂ ᠰᠤᠷᠭᠠᠭᠤᠯᠢ᠂ ᠨᠡᠶᠢᠭᠡᠮ ᠴᠥᠮ ᠪᠢᠳᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ᠃ ᠪᠢᠳᠡ ᠠᠮᠤᠷ ᠲᠦᠪᠰᠢᠨ ᠤ ᠮᠡᠳᠡᠯᠭᠡ ᠶᠢ ᠰᠤᠷᠤᠯᠴᠠᠵᠤ᠂ ᠠᠮᠤᠷ ᠲᠦᠪᠰᠢᠨ ᠤ ᠤᠷ᠎ᠠ ᠴᠢᠳᠠᠪᠤᠷᠢ ᠶᠢ ᠡᠵᠡᠮᠰᠢᠵᠦ᠂ ᠤᠯᠤᠰ ᠤᠨ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃
     ᠯᠢᠶᠠᠩᠴᠧᠩ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠳ᠋ᠤᠸᠠᠨ ᠮᠦ ᠷᠠᠨ      ᠠᠮᠤᠷ ᠲᠦᠪᠰᠢᠨ ᠤ ᠬᠥᠮᠦᠵᠢᠯ ᠪᠣᠯ ᠨᠢᠭᠡᠨ ᠤᠷᠳᠤ ᠬᠤᠭᠤᠴᠠᠭᠠᠨ ᠤ ᠪᠡᠷᠬᠡ ᠬᠠᠲᠠᠭᠤᠵᠢᠯᠲᠠᠢ ᠡᠭᠦᠷᠭᠡ ᠮᠥᠨ᠂ ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠤᠯᠠᠨ ᠠᠷᠭ᠎ᠠ ᠵᠠᠮ᠂ ᠤᠯᠠᠨ ᠬᠠᠷᠠᠭᠠᠰᠤ ᠠᠴᠠ ᠪᠦᠬᠦ ᠰᠢᠶᠠᠨ ᠤ ᠥᠷᠭᠡᠨ ᠤᠯᠠᠨ ᠰᠤᠷᠤᠭᠴᠢᠳ ᠢ ᠬᠦᠳᠦᠯᠦᠨ ᠵᠢᠯᠣᠭᠤᠳᠴᠤ ᠠᠮᠤᠷ ᠲᠦᠪᠰᠢᠨ ᠤ ᠤᠬᠠᠮᠰᠠᠷ ᠢ ᠨᠢ ᠰᠡᠳᠬᠢᠯ ᠳᠡᠭᠡᠨ ᠬᠠᠳᠠᠩᠰᠢᠭᠤᠯᠵᠤ᠂ ᠠᠵᠢᠯᠯᠠᠭ᠎ᠠ ᠶᠢ ᠨᠢ ᠲᠤᠤᠱᠯᠠᠭᠤᠯᠵᠤ᠂ ᠡᠯ᠎ᠡ ᠰᠤᠷᠭᠠᠭᠤᠯᠢ ᠲᠠᠢ ᠭᠠᠷ ᠬᠤᠯᠪᠣᠨ ᠠᠮᠤᠷ ᠲᠦᠪᠰᠢᠨ᠂ ᠡᠶ᠎ᠡ ᠵᠣᠬᠢᠴᠠᠩᠭᠤᠢ᠂ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶ᠎ᠡ ᠶᠢ ᠬᠠᠮᠲᠤᠪᠠᠷ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠪᠣᠯᠤᠨ᠎ᠠ᠃                                      ᠨᠠᠶᠢᠷᠠᠭᠤᠯᠤᠭᠴᠢ᠄   ᠶᠠᠩ  ᠿᠦᠢ ᠵᠧᠨ                                      ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2