ᠵᠧᠩ ᠳ᠋ᠦᠩ ᠫᠢᠩ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/29
   ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠬᠠᠷᠢᠶ᠎ᠠ ᠣᠷᠣᠨ ᠤ ᠪᠠᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 3 ᠰᠠᠷ᠎ᠠ ᠶᠢᠨ 28 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠢ ᠳᠠᠭᠠᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠪᠠᠢ ᠯᠢ ᠵᠢᠶᠦ᠋ᠨ ᠣᠷᠣᠯᠴᠠᠵᠠᠢ᠃    ᠵᠧᠩ ᠳ᠋ᠦᠩ ᠫᠢᠩ ᠨᠡᠷ ᠤᠷᠢᠳ ᠬᠤᠵᠢᠳ ᠦ᠋ ᠰᠢᠩ ᠲᠠᠷᠢᠶᠠᠯᠠᠩ᠂ ᠮᠧᠩ ᠳ᠋ᠢ ᠰᠦ ᠶᠢᠨ ᠦᠢᠯᠡᠰ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠳᠤ ᠬᠦᠷᠴᠦ ᠠᠮᠤᠷ ᠲᠦᠪᠰᠢᠨ ᠤ ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠪᠠ᠃ ᠲᠤᠰᠬᠠᠶ ᠮᠡᠷᠭᠡᠵᠢᠯᠲᠡᠳ ᠲᠤᠬᠠᠶ ᠶᠢᠨ ᠲᠠᠯᠠᠪᠠᠶ ᠳᠤ ᠪᠠᠶᠢᠴᠠᠭᠠᠬᠤ ᠪᠠ ᠠᠰᠠᠭᠤᠨ ᠯᠠᠪᠯᠠᠵᠤ ᠣᠶᠢᠯᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠠᠵᠢᠯ ᠢᠶᠠᠨ ᠥᠷᠨᠢᠭᠦᠯᠬᠦ ᠶᠢᠨ ᠬᠠᠮᠲᠤ ᠦᠢᠯᠡᠳᠪᠦᠷᠢ ᠶᠢᠨ ᠲᠠᠰᠤᠭ ᠲᠤ ᠣᠷᠣᠵᠤ ᠠᠶᠤᠯ ᠲᠦᠭᠰᠢᠭᠦᠷᠢ ᠶᠢᠨ ᠳᠠᠯᠳᠠ ᠭᠡᠮ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠬᠤᠷᠢᠶᠠᠩᠭᠤᠶᠢᠯᠠᠬᠤ ᠶᠢᠨ ᠬᠠᠮᠲᠤ ᠴᠠᠭ ᠲᠤᠬᠠᠶ ᠳᠤᠨᠢ ᠪᠠᠶᠢᠴᠠᠭᠠᠭᠳᠠᠬᠤ ᠠᠵᠤ ᠠᠬᠤᠶᠢᠯᠠᠯ ᠳᠤ ᠬᠠᠷᠢᠭᠤ ᠲᠤᠰᠬᠠᠵᠤ᠂ ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠳᠤᠮᠳᠠ ᠠᠰᠠᠭᠤᠳᠠᠯ ᠲᠤᠯᠭᠠᠷᠠᠪᠠᠯ ᠴᠠᠭ ᠲᠤᠬᠠᠶ ᠳᠤᠨᠢ ᠨᠡᠪᠲᠡᠷᠡᠯᠴᠡᠨ ᠰᠢᠢᠳᠪᠤᠷᠢᠯᠡᠬᠦ ᠬᠡᠷᠡᠭᠲᠡᠶ ᠭᠡᠵᠦ ᠱᠠᠭᠠᠷᠳᠠᠪᠠ᠃ ᠵᠧᠩ ᠳ᠋ᠦᠩ ᠫᠢᠩ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠤ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠭᠡᠮ ᠰᠣᠭᠤᠭ ᠲᠤ ᠴᠢᠭᠯᠡᠭᠦᠯᠦᠨ᠂ ᠠᠵᠤ ᠠᠬᠤᠶᠢᠯᠠᠯ ᠤᠨ ᠬᠢᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠠᠷᠦ᠋ᠢᠬᠠᠨ ᠥᠷᠨᠢᠭᠦᠯᠵᠦ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠢᠶᠠᠷ ᠦᠢᠯᠡᠳᠪᠦᠷᠢᠯᠡᠬᠦ ᠶᠢ ᠪᠠᠲᠤᠯᠠᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2