ᠳᠠᠭ᠎ᠠ ᠶᠢᠨ ᠨᠠᠭᠤᠷ ᠪᠠᠯᠭᠠᠰᠤ᠄ ︽ᠨᠠᠮ ᠤᠨ ᠠᠴᠢ  ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/5
   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ 3 ᠰᠠᠷ᠎ᠠ ᠶᠢᠨ 1 ᠤ ᠡᠳᠦᠷ᠂ ᠳᠠᠭ᠎ᠠ ᠶᠢᠨ ᠨᠠᠭᠤᠷ ᠪᠠᠯᠭᠠᠰᠤᠨ ᠤ   ᠰᠦ᠋ ᠢ ᠲᠣᠰᠬᠤᠨ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠢᠷᠠᠭᠤ ᠰᠠᠶᠢᠬᠠᠨ ᠪᠥᠵᠢᠭ ᠤᠨ ᠳᠦᠷᠢ ᠲᠥᠷᠬᠦ᠂ ᠬᠠᠩᠭᠢᠨᠠᠮ᠎ᠠ ᠰᠠᠶᠢᠬᠠᠨ ᠳᠠᠭᠤᠤ ᠪᠠᠷ ᠢᠶᠠᠨ ᠤᠷᠠᠨ ᠰᠠᠶᠢᠬᠠᠨ ᠤ ᠲᠣᠭᠯᠠᠯᠲᠠ ᠶᠢ ᠤᠳᠠᠭ᠎ᠠ ᠳᠠᠷᠠᠭᠠᠯᠠᠨ ᠣᠷᠭᠢᠯ ᠳᠤ ᠬᠦᠷᠭᠡᠪᠡ᠃ ᠲᠣᠭᠯᠠᠯᠲᠠ ᠨᠢ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠨᠠᠰᠤᠲᠠᠶᠢᠴᠤᠳ ᠲᠤ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠬᠤ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠭᠰᠠᠨ ᠤᠳᠬ᠎ᠠ ᠤᠷᠠᠯᠢᠭ ᠤᠨ ᠪᠦᠲᠦᠭᠡᠯ ᠢ ᠠᠪᠴᠢᠷᠠᠵᠤ᠂ ᠬᠤᠶᠠᠷ ᠬᠥᠮᠦᠨ ᠤ ᠨᠠᠶᠢᠷᠠᠯ ᠳᠠᠭᠤᠤ ︽ᠵᠠᠭᠤᠨ ᠵᠢᠯ ᠤᠨ ᠡᠷᠡᠮᠡᠬᠡᠶᠢᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠶ᠎ᠠ︾᠂ ᠪᠥᠵᠢᠭ ︽ᠪᠠᠳᠠᠷᠠᠯᠲᠤ ᠦᠶ᠎ᠡ ᠶᠢᠨ ᠪᠠᠶᠠᠷ ᠪᠠᠭ᠋ᠠᠳᠤᠯ ᠤᠨ ᠳᠠᠭᠤᠤ︾ ᠵᠡᠷᠭᠡ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠨᠠᠮ ᠪᠠ ᠠᠷᠠᠳ ᠲᠦᠮᠡᠨ ᠤ ᠵᠢᠭᠠᠰᠤ ᠤᠰᠤᠨ ᠤ ᠬᠠᠶᠢᠷ᠎ᠠ ᠰᠡᠳᠬᠢᠯᠭᠡ ᠶᠢ ᠭᠦᠢᠴᠡᠳ ᠤᠶᠠᠩᠭᠠᠯᠠᠵᠤ᠂ ᠨᠠᠰᠤᠲᠠᠶᠢᠴᠤᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠪᠠᠶᠠᠷ ᠪᠠᠶᠠᠰᠤᠯ ᠤᠨ ᠳᠤᠮᠳᠠ ᠬᠦᠷᠭᠡᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠢᠵᠦ᠂ ᠠᠵᠢᠯᠲᠠᠳ ᠲᠣᠰᠬᠤᠨ ᠤ ᠠᠷᠠᠳ ᠲᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠳᠣᠷᠬᠠᠶ ᠺᠠᠷᠲ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠷ ᠳᠡᠪᠲᠡᠷ ᠢ ᠲᠠᠷᠬᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠵᠠᠶ᠃ ᠡᠮᠴᠢ ᠰᠤᠪᠢᠯᠠᠭᠴᠢᠳ ᠪᠠᠰᠠ ᠲᠣᠰᠬᠤᠨ ᠤ ᠠᠷᠠᠳ ᠲᠤ ᠴᠢᠰᠤᠨ ᠳᠠᠷᠤᠯᠲᠠ ᠥᠭᠴᠦ᠂ ᠴᠢᠰᠤᠨ ᠰᠢᠬᠢᠷ ᠢ ᠰᠢᠯᠭᠠᠵᠤ  ᠦᠭᠪᠡ᠃    ᠲᠣᠰ ᠤᠳᠠᠭᠠᠨ ᠤ ᠰᠢᠷᠢᠰ ᠠᠵᠢᠯᠯᠠᠭ᠎ᠠ ᠨᠢ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠥᠬᠦ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠠᠵᠢᠯ ᠬᠢᠵᠦ  ᠤᠶᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠤᠷᠮᠠᠰᠢᠭᠤᠯᠤᠨ ᠵᠣᠷᠢᠭᠵᠢᠭᠤᠯᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠣᠯᠠᠨ ᠢ ᠡᠷᠡᠰ ᠭᠤᠶᠢᠪᠢᠰᠢ ᠥᠬᠡᠶ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠣᠭᠤᠳᠪᠠ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2