ᠭᠦᠸᠧ ᠬᠤᠩ ᠯᠢᠶᠠᠩ᠄  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ‌‍ᠬᠥ᠋ᠳᠡᠭᠡ ᠲᠣᠰᠬᠤᠨ ᠤ ᠰᠠᠶᠢᠨ ᠨᠠᠮ ᠤᠨ ᠡᠭᠦᠷ ᠤᠨ ᠱᠦᠵᠢ
ᠨᠡᠶᠢᠲᠡᠯᠡᠭᠰᠡᠨ ᠴᠠᠭ᠄
2024/3/5
   ︽ᠣᠯᠠᠨ ᠲᠦᠮᠡᠨ ᠳᠤ ᠢᠯᠡᠭᠦᠬᠡᠨ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠶ︾ ᠪᠣᠯ ᠯᠢᠶᠠᠩᠴᠧᠩ ᠰᠢᠶᠠᠨ ᠤ ᠮᠠᠶᠢᠬᠤᠳᠤ ᠪᠠᠯᠭᠠᠰᠤᠨ ᠤ ᠮᠠᠶᠢᠱᠧᠩ ᠲᠣᠰᠬᠤᠨ ᠤ ᠨᠠᠮ ᠤᠨ ᠡᠭᠦᠷ ᠤᠨ ᠱᠦᠵᠢ ᠭᠦᠸᠧ ᠬᠤᠩ ᠯᠢᠶᠠᠩ ᠣᠯᠠᠨ ᠵᠢᠯ ᠤᠨ ᠲᠤᠷᠰᠢ ᠵᠠᠯᠭᠠᠮᠵᠢᠯᠠᠭᠰᠠᠨ ᠠᠵᠢᠯ ᠬᠢᠬᠦ ᠪᠠᠷᠢᠮᠵᠢᠶ᠎ᠠ ᠮᠥᠨ᠂ ᠬᠡᠳᠦᠢ ᠬᠦᠴᠢᠷ ᠪᠡᠷᠬᠡᠰᠢᠶᠡᠯ ᠳᠤ ᠲᠤᠯᠭᠠᠷᠠᠭᠰᠠᠨ ᠴᠤ ᠲᠡᠷᠡ ᠴᠥᠮ ᠬᠦᠴᠢᠷ ᠢ ᠰᠦᠷᠦᠨ ᠤᠷᠤᠭᠰᠢᠯᠠᠵᠤ᠂ ᠤᠯᠠᠨ ᠲᠦᠮᠡᠨ ᠤ ᠲᠤᠰᠬᠠᠭᠰᠠᠨ ᠪᠠᠭ᠎ᠠ ᠶᠠᠪᠤᠳᠠᠯ ᠴᠤ ᠭᠡᠰᠡᠨ ᠲᠡᠷᠡ ᠴᠥᠮ ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠰᠠᠶᠢᠲᠤᠷ ᠬᠢᠬᠦ ᠪᠣᠯᠤᠨ᠎ᠠ᠃
     ᠮᠠᠢ ᠱᠧᠩ ᠲᠣᠰᠬᠤᠨ ᠳᠤ ᠤᠳᠤ 636 ᠡᠷᠦᠬᠡ 1253 ᠬᠦᠮᠦᠨ ᠪᠠᠶᠢᠨ᠎ᠠ᠂ ᠭᠦᠸᠧ ᠬᠤᠩ ᠯᠢᠶᠠᠩ 2015 ᠣᠨ ᠳᠤ ᠮᠠᠢ ᠱᠧᠩ ᠲᠣᠰᠬᠤᠨ ᠤ ᠠᠷᠠᠳ ᠤᠨ ᠵᠥᠪᠯᠡᠯ ᠳᠤ ᠬᠦᠷᠴᠦ ᠲᠤᠰᠢᠶᠠᠯ ᠡᠭᠦᠷᠭᠡᠯᠡᠵᠦ᠂ 2017 ᠣᠨ ᠳᠤ ᠮᠠᠢ ᠱᠧᠩ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ᠂ ᠲᠡᠷᠡ ᠤᠭ ᠰᠠᠨᠠᠭ᠎ᠠ ᠪᠠᠨ ᠦᠯᠦ ᠮᠠᠷᠲᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠤᠯᠠᠨ ᠲᠦᠮᠡᠨ ᠳᠤ ᠦᠨᠡᠨ ᠪᠣᠳᠠᠲᠠᠢ ᠪᠣᠳᠠᠲᠠᠢ ᠠᠵᠢᠯ ᠬᠢᠵᠦ᠂ ᠮᠠᠢ ᠱᠧᠩ ᠲᠣᠰᠬᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠢᠲᠡᠭᠡᠯ ᠢ ᠣᠯᠵᠠᠢ᠃ 2023 ᠣᠨ ᠳᠤ ᠰᠢᠶᠠᠨ ᠤ ᠳᠡᠰ ᠤᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠨᠠᠮ ᠤᠨ ᠡᠭᠦᠷ ᠤᠨ ᠱᠦᠵᠢ︾ ᠢᠶᠠᠷ ᠦᠨᠡᠯᠡᠭᠳᠡᠪᠡ᠃    ᠮᠠᠢ ᠱᠧᠩ ᠲᠣᠰᠬᠤᠨ ᠤ ᠠᠷᠠᠳ ᠸᠠᠩ ᠷᠦᠩ ᠬᠦᠢ ᠪᠣᠯ ᠭᠦᠸᠧ ᠬᠤᠩ ᠯᠢᠶᠠᠩ ᠳᠤ ᠲᠤᠰᠢᠶᠠᠯ ᠡᠭᠦᠷᠭᠡᠯᠡᠭᠰᠡᠨ ᠤ ᠳᠠᠷᠠᠭᠠᠬᠢ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠥᠭᠭᠦᠭᠰᠡᠨ ᠲᠣᠰᠬᠤᠨ ᠤ ᠠᠷᠠᠳ ᠤᠨ ᠨᠢᠭᠡ ᠪᠣᠯᠤᠨ᠎ᠠ᠃  ᠤᠶᠢᠷ᠎ᠠ ᠶᠢᠨ ᠡᠳᠦᠷ᠂ ᠰᠤᠷᠪᠤᠯᠵᠢᠯᠠᠭᠴᠢ ᠮᠠᠢ ᠱᠧᠩ ᠲᠣᠰᠭᠤᠨ ᠤ ᠠᠷᠠᠳ ᠸᠠᠩ ᠷᠦᠩ ᠬᠦᠢ ᠶᠢᠨ ᠭᠡᠷ ᠲᠤ ᠣᠷᠣᠵᠤ᠂ ᠸᠠᠩ ᠷᠦᠩ ᠬᠦᠢ ᠶᠠᠭ ᠲᠤᠭᠤᠯ ᠲᠡᠵᠢᠭᠡᠵᠦ  ᠪᠠᠶᠢᠨ᠎ᠠ᠂ ᠪᠢᠳᠡᠨ ᠤ ᠬᠦᠷᠴᠦ ᠢᠷᠡᠭᠰᠡᠨ ᠢ ᠦᠵᠡᠭᠡᠳ᠂ ᠸᠠᠩ ᠷᠦᠩ ᠬᠦᠢ ᠭᠠᠷ ᠲᠠᠬᠢ ᠠᠵᠢᠯ ᠢᠶᠠᠨ ᠲᠠᠯᠪᠢᠵᠤ᠂ ᠶᠠᠷᠢᠶᠠᠨ ᠤ ᠬᠠᠢᠷᠴᠠᠭ ᠨᠡᠭᠡᠭᠡᠪᠡ ᠃ 2013 ᠣᠨ ᠠᠴᠠ ᠡᠬᠢᠯᠡᠨ ᠸᠠᠩ ᠷᠦᠩ ᠬᠦᠢ ᠶᠢᠨ ᠨᠢᠷᠤᠭᠤᠨ ᠬᠡᠰᠡᠭ ᠲᠤ ᠵᠠᠷᠢᠮ ᠠᠰᠠᠭᠤᠳᠠᠯ ᠭᠠᠷᠴᠤ᠂ 2014 ᠣᠨ ᠳᠤ ᠨᠢᠭᠡ ᠤᠳᠠᠭᠠᠨ ᠤ ᠶᠡᠭᠡ ᠮᠡᠰᠡ ᠵᠠᠰᠠᠯ ᠬᠢᠵᠡᠢ᠂ ᠳᠠᠬᠢᠵᠤ ᠬᠦᠨᠳᠦ ᠬᠥᠳᠡᠯᠮᠦᠷᠢ ᠬᠢᠵᠦ ᠪᠣᠯᠬᠤ ᠦᠭᠡᠢ᠂ ᠸᠠᠩ ᠷᠦᠩ ᠬᠦᠢ ᠶᠢᠨ ᠨᠢᠭᠡ ᠭᠡᠷ ᠤᠨ ᠬᠥᠮᠦᠰ ᠤᠨ ᠠᠮᠢᠳᠤᠷᠠᠯ ᠤᠨ ᠢᠷᠡᠯᠲᠡ ᠨᠢ ᠬᠦᠴᠢᠷ ᠠᠰᠠᠭᠤᠳᠠᠯ ᠪᠣᠯᠵᠠᠢ᠃ ᠭᠦᠸᠧ ᠬᠤᠩ ᠯᠢᠶᠠᠩ ᠤᠨ ᠬᠠᠪᠰᠤᠷᠤᠯᠭ᠎ᠠ ᠳᠣᠣᠷ᠎ᠠ᠂ 2017 ᠣᠨ ᠳᠤ ᠸᠠᠩ ᠷᠦᠩ ᠬᠦᠢ ᠦᠬᠡᠷ ᠲᠡᠵᠢᠭᠡᠵᠦ᠂ ᠬᠡᠳᠦᠨ ᠵᠢᠯ ᠤᠨ ᠬᠥᠭᠵᠢᠯᠲᠡ ᠪᠠᠷ ᠳᠠᠮᠵᠢᠭᠠᠳ᠂ ᠣᠳᠣ ᠨᠢᠭᠡᠨᠲᠡ 9 ᠦᠬᠡᠷ ᠲᠠᠢ ᠪᠣᠯᠵᠤ᠂ ᠦᠷ᠎ᠡ ᠠᠱᠢᠭ ᠨᠢ ᠵᠢᠯ ᠠᠴᠠ ᠵᠢᠯ  ᠰᠠᠶᠢᠨ ᠪᠣᠯᠵᠠᠢ᠃ ᠸᠠᠩ ᠷᠦᠩ ᠬᠦᠶ ᠬᠡᠯᠡᠭᠰᠡᠨ ᠨᠢ᠄ ︽ᠭᠦᠸᠧ ᠬᠤᠩ ᠯᠢᠶᠠᠩ ᠱᠦᠵᠢ ᠪᠢᠳᠡᠨ ᠳᠤ ᠡᠨᠡ ᠵᠢᠯ ᠪᠠᠰᠠ ᠲᠡᠵᠢᠭᠡᠨ ᠦᠷᠡᠵᠢᠭᠦᠯᠬᠦ ᠲᠥᠷᠥ ᠶᠢᠨ ᠪᠣᠳᠣᠯᠭ᠎ᠠ ᠲᠠᠢ ᠪᠠᠶᠢᠨ᠎ᠠ᠂ ᠪᠠᠰᠠ ᠦᠬᠡᠷ ᠬᠤᠳᠠᠯᠳᠤᠨ ᠠᠪᠬᠤ ᠶᠢ ᠳᠡᠮᠵᠢᠨ᠎ᠠ  ︾ ᠭᠡᠪᠡ᠃    ᠡᠨᠡ ᠵᠢᠯ 70 ᠨᠠᠰᠤᠲᠠᠢ ᠮᠠᠢ ᠱᠧᠩ ᠲᠣᠰᠬᠤᠨ ᠤ ᠠᠷᠠᠳ ᠯᠢ ᠯᠢᠩ ᠮᠧᠢ ᠪᠣᠯ ᠪᠠᠰᠠ ᠭᠦᠸᠧ ᠬᠤᠩ ᠯᠢᠶᠠᠩ ᠱᠦᠵᠢ ᠶᠢᠨ ᠣᠨᠴᠠᠭᠠᠢ ᠠᠩᠬᠠᠷᠴᠤ ᠪᠠᠶᠢᠭ᠎ᠠ ᠡᠲᠡᠭᠡᠳ ᠪᠣᠯᠤᠨ᠎ᠠ᠂ ᠯᠢ ᠯᠢᠩ ᠮᠧᠢ ᠶᠢᠨ ᠬᠥᠭᠰᠢᠨ ᠨᠢ ᠨᠢᠭᠡᠨᠲᠡ ᠨᠠᠰᠤ ᠪᠠᠷᠠᠵᠤ᠂ ᠬᠡᠦᠬᠡᠳ ᠤᠳ ᠦᠷᠭᠦᠯᠵᠢ ᠳᠡᠷᠭᠡᠳᠡ ᠪᠠᠶᠢᠭᠰᠠᠨ ᠦᠭᠡᠢ᠂ ᠡᠭᠦᠨ ᠤ ᠳᠡᠭᠡᠷ᠎ᠡ ᠲᠡᠭᠦᠨ ᠤ ᠪᠠᠷᠠᠭᠤᠨ ᠬᠥᠯ ᠨᠢ ᠵᠡᠮᠳᠡᠭ ᠪᠣᠯᠬᠤᠷ ᠠᠮᠢᠳᠤᠷᠠᠯ ᠮᠠᠰᠢ ᠳᠥᠭᠦᠮ ᠦᠭᠡᠢ ᠪᠠᠶᠢᠪᠠ᠃ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠭᠦᠸᠧ ᠬᠤᠩ ᠯᠢᠶᠠᠩ ᠯᠢ ᠯᠢᠩ ᠮᠧᠢ ᠶᠢ ᠳᠠᠭᠠᠭᠤᠯᠤᠨ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠦᠷᠴᠦ ᠲᠡᠭᠦᠨ ᠳᠤ ᠭᠤᠷᠪᠠᠳᠤᠭᠠᠷ ᠳᠡᠰ ᠤᠨ ᠵᠡᠮᠳᠡᠭᠴᠦᠳ ᠤᠨ ᠦᠨᠡᠮᠯᠡᠯ ᠢ ᠭᠦᠢᠴᠡᠳᠬᠡᠵᠦ᠂ ᠯᠢ ᠯᠢᠩ ᠮᠧᠢ ᠶᠢᠨ ᠠᠮᠢᠳᠤᠷᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠮᠠᠢ ᠱᠧᠩ ᠲᠣᠰᠬᠤᠨ ᠤ ᠠᠷᠠᠳ ᠯᠢ ᠯᠢᠩ ᠮᠧᠶ ᠰᠤᠷᠪᠤᠯᠵᠢᠯᠠᠭᠴᠢ ᠳᠤ ᠬᠡᠯᠡᠬᠦ ᠳᠡᠭᠡᠨ᠂ ᠭᠦᠸᠧ ᠬᠤᠩ ᠯᠢᠶᠠᠩ ᠱᠦᠵᠢ ᠵᠦᠳᠡᠷᠡᠯᠲᠡᠶ ᠲᠡᠷᠭᠡ ᠵᠢᠯᠣᠭᠤᠳᠴᠤ ᠨᠠᠮᠠᠶᠢ ᠬᠦᠦ ᠲᠠᠢ ᠠᠳᠠᠯᠢ ᠪᠠᠷ ᠪᠠᠷᠢᠵᠤ ᠠᠪᠴᠤ ᠨᠠᠳᠠ ᠶᠢ ᠲᠦᠰᠢᠨ ᠠᠪᠴᠤ᠂ ᠡᠮᠨᠡᠯᠭᠡ ᠶᠢᠨ ᠬᠤᠷᠢᠶᠠᠨ ᠤ ᠳᠡᠭᠡᠷ᠎ᠡ ᠭᠦᠶᠦᠨ ᠪᠠᠭᠤᠵᠤ ᠬᠢᠨᠠᠨ ᠲᠣᠭᠲᠠᠭᠠᠯᠲᠠ ᠬᠢᠵᠦ᠂ ᠨᠠᠳᠠ ᠳᠤ ᠵᠡᠮᠳᠡᠭ ᠤᠨ ᠦᠨᠡᠮᠯᠡᠯ ᠬᠢᠵᠦ ᠥᠭᠴᠡᠶ ᠭᠡᠵᠡᠶ᠃ ᠭᠦᠸᠧ ᠱᠦᠵᠢ ᠪᠣᠯ ᠲᠤᠰᠬᠤᠨ ᠤ ᠠᠷᠠᠳ ᠤᠨ ᠳᠣᠲᠣᠨᠣ ᠬᠥᠮᠦᠨ ᠰᠢᠦ᠃    ᠤᠯᠠᠨ ᠵᠢᠯ ᠤᠨ ᠲᠤᠷᠰᠢ᠂ ᠭᠦᠸᠧ ᠬᠤᠩ ᠯᠢᠶᠠᠩ ᠲᠣᠰᠬᠤᠨ ᠤ ᠬᠤᠶᠠᠷ ᠵᠥᠪᠯᠡᠯ ᠤᠨ ᠭᠡᠰᠢᠭᠦᠨ ᠢ ᠳᠠᠭᠠᠭᠤᠯᠤᠨ ᠲᠣᠰᠬᠤᠨ ᠤ ᠠᠷᠠᠳ ᠲᠤ ᠦᠨᠡᠨ ᠪᠣᠳᠠᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠮᠠᠢ ᠱᠧᠩ ᠲᠣᠰᠬᠤᠨ ᠤ ᠳᠦᠷᠰᠦ ᠪᠠᠶᠢᠳᠠᠯ ᠢ ᠪᠦᠲᠦᠮᠵᠢᠲᠡᠢ ᠬᠤᠪᠢᠷᠠᠭᠤᠯᠵᠤ᠂ 2020 ᠣᠨ ᠳᠤ ᠲᠣᠰᠬᠤᠨ ᠤ 473 ᠲᠣᠰᠬᠤᠨ ᠤ ᠠᠷᠠᠳ ᠲᠤ ᠲᠦᠭᠡᠭᠡᠯ ᠤᠰᠤ ᠤᠭᠰᠠᠷᠠᠭᠰᠠᠨ ᠪᠥᠭᠡᠳ ᠠᠷᠢᠭᠤᠨ ᠴᠡᠪᠡᠷ ᠤᠨ ᠵᠣᠷᠯᠣᠩ ᠢ ᠥᠭᠡᠷᠡᠴᠢᠯᠡᠪᠡ︔ 2022 ᠣᠨ ᠳᠤ ᠪᠠᠰᠠ ᠲᠣᠰᠬᠤᠨ ᠳᠤ 121 ᠨᠡᠷᠡᠨ ᠡᠨᠧᠷᠭᠢ ᠶᠢᠨ ᠵᠠᠮ ᠤᠨ ᠳ᠋ᠧᠩ ᠤᠭᠰᠠᠷᠠᠵᠤ᠂ ᠮᠠᠢ ᠱᠧᠩ ᠲᠣᠰᠬᠤᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ︾ ᠢ ᠤᠯᠠᠮ ᠠᠴᠠ ᠤᠯᠠᠮ ᠥᠷᠭᠡᠨ ᠪᠣᠯᠭᠠᠵᠠᠢ᠃                                                   ᠨᠠᠶᠢᠷᠠᠭᠤᠯᠤᠭᠴᠢ᠄   ᠶᠠᠩ  ᠿᠦᠢ ᠵᠧᠨ                                                   ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2