2024 - 2025 ᠣᠨ ᠤ ᠯᠢᠶᠠᠩᠴᠧᠩ ᠰᠢᠶᠠᠨ ᠤ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠥᠬᠦ ᠰᠢᠶᠠᠨ ᠢ ᠠᠬᠢᠭᠤᠯᠬᠤ ᠲᠥᠷᠥᠯ ᠵᠦᠢᠯ ᠤᠨ ᠲᠤᠬᠠᠢ ᠲᠦᠰᠦᠯ
ᠨᠡᠶᠢᠲᠡᠯᠡᠭᠰᠡᠨ ᠴᠠᠭ᠄
2024/3/6
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︽ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠥᠬᠦ ᠰᠢᠶᠠᠨ ᠢ ᠠᠬᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠲᠥᠰᠦᠯ ᠤᠨ ᠲᠤᠬᠠᠶ ᠤᠷᠢᠳᠴᠢᠯᠠᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ︽ᠰᠠᠶᠢᠨ ᠳᠤᠷ᠎ᠠ ᠶᠢᠨ᠂ ᠢᠯᠡ᠂ ᠡᠷᠬᠡ ᠲᠡᠭᠰᠢ ᠪᠠᠶᠢᠬᠤ︾ ᠵᠠᠷᠴᠢᠮ ᠶᠣᠰᠣᠭᠠᠷ᠂ ᠭᠤᠶᠤᠴᠢᠯᠠᠨ ᠮᠡᠳᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠶᠢ ᠰᠢᠯᠢᠨ ᠰᠣᠩᠭᠤᠵᠤ ᠬᠢᠨᠠᠨ ᠬᠠᠷᠭᠤᠭᠤᠯᠵᠤ᠂ ᠡᠳᠦᠭᠡ ᠠᠩᠬᠠᠨ ᠤ ᠬᠢᠨᠠᠯᠲᠠ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃ ︵2024 ᠣᠨ ᠤ 2 ᠰᠠᠷ᠎ᠠ ᠶᠢᠨ 21 ᠤ ᠡᠳᠦᠷ ᠠᠴᠠ 2024 ᠣᠨ ᠤ 2 ᠰᠠᠷ᠎ᠠ ᠶᠢᠨ 27 ᠤ ᠡᠳᠦᠷ︶ ᠬᠡᠷᠪᠡ ᠬᠡᠷᠡᠭᠵᠢᠭᠦᠯᠬᠦ ᠪᠠᠷ ᠪᠠᠶᠢᠭ᠎ᠠ ᠭᠤᠣᠯ ᠴᠣᠭᠴᠠ ᠳᠤ ᠣᠨᠳᠣᠣ ᠰᠠᠨᠠᠯ ᠲᠠᠢ ᠪᠣᠯ ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠰᠠᠨᠠᠯ ᠳᠤᠷᠠᠳᠴᠤ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠡᠳ ᠣᠨᠳᠣᠣ ᠰᠠᠨᠠᠯ ᠦᠭᠡᠢ ᠪᠣᠯ ᠵᠠᠷᠯᠠᠨ ᠨᠡᠶᠢᠲᠡᠯᠡᠭᠰᠡᠨ ᠦᠷ᠎ᠡ ᠳ᠋ᠦᠩ ᠢ ᠨᠢ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠦᠨ᠎ᠡ᠃    ᠬᠢᠨᠠᠯᠲᠠ ᠲᠠᠯᠪᠢᠬᠤ ᠨᠢᠭᠡᠴᠡ᠄ ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ    ᠬᠢᠨᠠᠯᠲᠠ ᠲᠠᠯᠪᠢᠬᠤ ᠪᠠᠶᠢᠭᠤᠯᠭ᠎ᠠ ᠶᠢᠨ ᠬᠠᠶ᠋ᠢᠭ᠄ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠯᠪᠠᠨ ᠠᠰᠠᠷ᠃    ᠬᠢᠨᠠᠯᠲᠠ ᠲᠠᠯᠪᠢᠬᠤ ᠤᠲᠠᠰᠤ᠄ 0474 - 4201488    ᠢᠮᠧᠯ᠄ lexnjz@163.com   ᠳᠠᠭᠠᠯᠳᠤᠭᠤᠯᠤᠯ 1᠄ 2024 ᠣᠨ ᠤ ᠯᠢᠶᠠᠩᠴᠧᠩ ᠰᠢᠶᠠᠨ ᠤ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠥᠬᠦ ᠰᠢᠶᠠᠨ ᠤ ᠲᠥᠷᠥᠯ  ᠵᠤᠶᠢᠯ ᠤᠨ ᠠᠩᠬᠠᠨ ᠤ ᠬᠢᠨᠠᠯᠲᠠ ᠶᠢ ᠠᠬᠢᠭᠤᠯᠬᠤ ᠲᠥᠷᠥᠯ  ᠵᠤᠶᠢᠯ ᠤᠨ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠨᠡᠷᠡᠰ᠃    ᠳᠠᠭᠠᠯᠳᠤᠭᠤᠯᠤᠯ 2᠄ 2025 ᠤᠨ ᠪᠣᠯᠬᠤ ᠳᠤ ᠯᠢᠶᠠᠩᠴᠧᠩ ᠰᠢᠶᠠᠨ ᠤ ᠰᠦ ᠶᠢᠨ  ᠤᠶᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠥᠬᠦ ᠰᠢᠶᠠᠨ ᠤ ᠲᠥᠷᠥᠯ  ᠵᠤᠶᠢᠯ ᠤᠨ ᠠᠩᠬᠠᠨ ᠤ ᠬᠢᠨᠠᠯᠲᠠ ᠶᠢ ᠠᠬᠢᠭᠤᠯᠬᠤ ᠲᠥᠷᠥᠯ  ᠵᠤᠶᠢᠯ ᠤᠨ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠨᠡᠷᠡᠰ᠃    ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ                               2024 ᠣᠨ ᠤ 2 ᠰᠠᠷ᠎ᠠ ᠶᠢᠨ 21 ᠤ ᠡᠳᠦᠷ    ᠳᠠᠭᠠᠯᠳᠤᠭᠤᠯᠤᠯ 1    2024 ᠣᠨ ᠳᠤ ᠯᠢᠶᠠᠩᠴᠧᠩ ᠰᠢᠶᠠᠨ ᠤ ᠰᠦ ᠶᠢᠨ  ᠤᠶᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠥᠬᠦ ᠰᠢᠶᠠᠨ ᠢᠶᠠᠷ ᠢᠶᠠᠨ ᠲᠥᠷᠥᠯ  ᠵᠤᠶᠢᠯ ᠤᠨ ᠠᠩᠬᠠᠨ ᠤ ᠬᠢᠨᠠᠯᠲᠠ ᠶᠢ ᠠᠬᠢᠭᠤᠯᠵᠤ ᠲᠥᠷᠥᠯ  ᠵᠤᠶᠢᠯ ᠢ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠭᠦᠯᠦᠨ᠎ᠡ    ᠠᠵᠤ ᠠᠬᠤᠶᠢᠯᠠᠯ ᠤᠨ ᠨᠡᠷᠡᠰ    1. ᠯᠢᠶᠠᠩᠴᠧᠩ ᠰᠢᠶᠠᠨ ᠤ ᠶᠠ ᠵᠢᠶᠦ᠋ᠨ ᠲᠠᠷᠢᠵᠤ ᠲᠡᠵᠢᠭᠡᠬᠦ ᠲᠤᠰᠬᠠᠶ ᠬᠤᠷᠰᠢᠶ᠎ᠠ    2. ᠥᠪᠥᠷ ᠮᠣᠩᠭᠤᠯ ᠤᠨ ᠾᠧᠩ ᠰᠢᠶᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ    ᠭᠤᠷᠪᠠ᠂ ᠥᠪᠥᠷ ᠮᠣᠩᠭᠤᠯ ᠤᠨ ᠬᠤᠸᠠ ᠴᠢ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ    4. ᠥᠪᠥᠷ ᠮᠣᠩᠭᠤᠯ ᠤᠨ ᠡᠯᠡᠰᠦᠨ ᠬᠤᠶᠢᠭ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ    5. ᠯᠢᠶᠠᠩᠴᠧᠩ ᠰᠢᠶᠠᠨ ᠤ ᠰᠢᠩ ᠽᠧ ᠶᠤᠸᠠᠨ ᠲᠠᠷᠢᠵᠤ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ    6 . ᠥᠪᠥᠷ ᠮᠣᠩᠭᠤᠯ ᠤᠨ ᠶᠢᠨ ᠱᠢ  ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ    7. ᠥᠪᠥᠷ ᠮᠣᠩᠭᠤᠯ ᠤᠨ ᠱᠧᠨ ᠨᠢᠦ ᠶᠦᠨ ᠬᠠᠢ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2