ᠤᠯᠠᠭᠠᠨᠴᠠᠪ ᠬᠤᠲᠠ ᠶᠢᠨ ᠤᠰᠤ ᠠᠷᠪᠢᠯᠠᠵᠤ ᠤᠰᠤ ᠬᠢᠵᠠᠭᠠᠷᠯᠠᠬᠤ ᠠᠷᠭ᠎ᠠ ᠬᠡᠮᠵᠢᠶ᠎ᠡ ᠨᠦᠭᠦᠳ
ᠨᠡᠶᠢᠲᠡᠯᠡᠭᠰᠡᠨ ᠴᠠᠭ᠄
2024/3/6
   ᠪᠥᠬᠦ ᠬᠤᠲᠠ ᠶᠢᠨ ᠤᠰᠤ ᠠᠷᠪᠢᠯᠠᠵᠤ ᠤᠰᠤ ᠶᠢ ᠬᠢᠵᠠᠭᠠᠷᠯᠠᠬᠤ᠂ ᠥᠨᠳᠥᠷ ᠦᠷ᠎ᠡ ᠠᠰᠢᠭ ᠲᠠᠢ ᠪᠠᠷ ᠤᠰᠤ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ︽ᠤᠯᠠᠭᠠᠨᠴᠠᠪ ᠬᠤᠲᠠ ᠶᠢᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢᠨ ᠲᠥᠰᠦᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂  ᠤᠨᠴᠠᠭᠠᠶᠢᠯᠠᠨ ᠳᠣᠤᠷᠠᠬᠢ ᠠᠷᠪᠠᠨ ᠬᠤᠶᠠᠷ  ᠵᠤᠶᠢᠯ ᠤᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠨᠠᠷᠢᠯᠢᠬᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠪᠠ᠃  ᠨᠢᠭᠡ᠂ ᠲᠠᠷᠢᠶᠠᠯᠠᠩ  ᠤᠨ ᠤᠰᠤ ᠠᠷᠪᠢᠯᠠᠬᠤ ᠲᠠᠯ᠎ᠠ ᠪᠠᠷ    ︵ᠨᠢᠭᠡ︶ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠴᠢᠩᠳᠠᠯᠠᠵᠤ᠂ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ 2025 ᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢᠨ ᠭᠦᠶ᠋ᠴᠡᠳᠬᠡᠯ ᠲᠤᠭ᠎ᠠ ᠶᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠵᠡᠷᠭᠡ ᠨᠢᠭᠡᠴᠡ ᠳᠤ ᠬᠤᠪᠢᠶᠠᠷᠢᠯᠠᠨ ᠨᠠᠷᠢᠯᠢᠬᠵᠢᠭᠤᠯᠵᠤ᠂ ᠬᠡᠷᠡᠭᠯᠡᠵᠦ ᠪᠣᠯᠬᠤ ᠤᠰᠤᠨ ᠤ ᠶᠡᠷᠦᠩᠬᠡᠶ ᠬᠡᠮᠵᠢᠶ᠎ᠡ ᠶᠢ ᠦᠨᠳᠦᠰᠦᠯᠡᠨ ᠬᠡᠷᠡᠭᠯᠡᠬᠦ ᠤᠰᠤᠨ ᠤ ᠮᠥ ᠶᠢᠨ ᠳᠤᠮᠳᠠᠴᠢ ᠨᠣᠷᠮ᠎ᠠ ᠶᠢ ᠲᠣᠳᠣᠷᠬᠠᠶ ᠪᠣᠯᠭᠠᠬᠤ ᠬᠡᠷᠡᠭᠲᠡᠶ᠃ ᠰᠢᠶᠠᠩ ᠪᠠᠯᠭᠠᠰᠤ ᠨᠤᠭᠤᠳ ᠤᠰᠤ ᠬᠡᠷᠡᠭᠯᠡᠬᠦ ᠲᠣᠭᠲᠠᠭᠰᠠᠨ ᠨᠤᠷᠮ᠎ᠠ ᠪᠣᠯᠤᠨ ᠤᠰᠤᠯᠠᠯᠲᠠ  ᠶᠢᠨ ᠳᠠᠯᠠᠪᠠᠢ ᠶᠣᠰᠣᠭᠠᠷ ᠲᠠᠷᠢᠶᠠᠯᠠᠩ ‍ᠤᠨ‌ᠤᠰᠤᠯᠠᠯᠲᠠ  ᠶᠢᠨ ᠮᠠᠰᠢᠨ ᠬᠤᠳᠳᠤᠭ ᠨᠢᠭᠡᠪᠦᠷᠢ ᠲᠤ ᠵᠢᠯ ᠪᠦᠷᠢ ᠤᠰᠤ ᠬᠡᠷᠡᠭᠯᠡᠵᠦ ᠪᠣᠯᠬᠤ ᠡᠷᠬᠡ  ᠶᠢ ᠲᠣᠭᠲᠠᠭᠠᠵᠤ᠂ ᠲᠠᠷᠢᠶᠠᠯᠠᠩ  ᠤᠨ ᠤᠰᠤᠯᠠᠯᠲᠠ  ᠶᠢᠨ ᠮᠠᠰᠢᠨ ᠬᠤᠳᠳᠤᠭ  ᠤᠨ ᠤᠰᠤᠨ  ᠤ ᠡᠷᠬᠡ  ᠶᠢ ᠡᠯ᠎ᠡ ᠤᠰᠤ ᠬᠡᠷᠡᠭᠯᠡᠬᠦ ᠡᠷᠦᠬᠡ ᠲᠤ ᠨᠠᠷᠢᠨ ᠬᠤᠪᠢᠶᠠᠨ ᠥᠭᠴᠦ᠂ ᠤᠰᠤ ᠬᠡᠷᠡᠭᠯᠡᠬᠦ ᠶᠡᠷᠦᠩᠬᠡᠶ ᠲᠤᠭ᠎ᠠ ᠠᠴᠠ ᠬᠡᠲᠦᠷᠡᠭᠦᠯᠬᠦ ᠦᠭᠡᠢ  ᠶᠢ ᠶᠡᠷᠦᠩᠬᠡᠶ ᠲᠤᠨᠢ ᠬᠢᠵᠠᠭᠠᠷᠯᠠᠬᠤ ᠬᠡᠷᠡᠭᠲᠡᠶ᠃ ᠲᠠᠷᠢᠶᠠᠯᠠᠩ ᠤᠨ ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤ ᠬᠠᠩᠭᠠᠬᠤ ᠥᠪᠡᠷ ᠤᠨ ᠥᠷᠲᠡᠭ ᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠤᠳᠤᠵᠤ᠂ ᠵᠠᠷᠴᠢᠮ ᠳᠡᠭᠡᠷ᠎ᠡ ᠪᠠᠨ ᠤᠰᠤᠨ ᠤ ᠦᠨ᠎ᠡ ᠶᠢ ᠪᠦᠷᠢᠨ ᠥᠪᠡᠷ ᠤᠨ ᠥᠷᠲᠡᠭ ᠤᠨ ᠬᠢᠷᠢ ︽ᠬᠡᠨ ᠤᠰᠤ ᠬᠡᠷᠡᠭᠯᠡᠪᠡᠯ ᠬᠡᠨ  ᠰᠤᠶᠢᠳᠭᠡᠯ ᠲᠤᠰᠢᠶᠠᠬᠤ᠂ ᠢᠯᠡᠭᠦᠤ ᠤᠰᠤ ᠬᠡᠷᠡᠭᠯᠡᠪᠡᠯ ᠢᠯᠡᠭᠦᠤ ᠰᠦᠶ᠋ᠳᠬᠡᠯ ᠲᠤᠰᠢᠶᠠᠬᠤ᠂ ᠬᠡᠨ ᠤᠰᠤ ᠠᠷᠪᠢᠯᠠᠪᠠᠯ ᠬᠡᠨ ᠱᠠᠩᠨᠠᠬᠤ︾ ᠵᠠᠷᠴᠢᠮ ᠢ ᠪᠠᠷᠢᠮᠲᠠᠯᠠᠵᠤ᠂ ᠲᠣᠭᠲᠠᠭᠰᠠᠨ ᠨᠣᠷᠮ᠎ᠠ ᠠᠴᠠ ᠳᠠᠪᠠᠭᠤᠯᠤᠨ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠤᠰᠤᠨ ᠤ ᠰᠤᠶᠢᠳᠭᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠬᠤᠶᠠᠷ ᠱᠠᠲᠤᠨ ᠤ ᠤᠰᠤ ᠬᠡᠷᠡᠭᠯᠡᠬᠦ ᠨᠡᠶᠢᠭᠡᠮᠯᠢᠭ ᠢ ᠵᠢᠯᠣᠭᠤᠳᠤᠨ ᠵᠣᠬᠢᠶᠠᠨ ᠪᠠᠶᠢᠭᠤᠯᠵᠤ᠂ ᠤᠰᠤ ᠬᠡᠷᠡᠭᠯᠡᠬᠦ ᠨᠡᠶᠢᠭᠡᠮᠯᠢᠭ ᠨᠢ ᠲᠠᠷᠢᠶᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠤᠰᠤ ᠬᠡᠷᠡᠭᠯᠡᠬᠦ ᠬᠡᠮᠵᠢᠶ᠎ᠡ ᠪᠠᠷ ᠰᠤᠶᠢᠳᠭᠡᠯ ᠲᠤᠰᠢᠶᠠᠵᠤ᠂ ᠤᠰᠤ ᠬᠡᠷᠡᠭᠯᠡᠬᠦ ᠡᠷᠦᠬᠡ ᠶᠢᠨ ᠤᠰᠤᠨ ᠤ ᠡᠷᠬᠡ ᠶᠢ ᠲᠣᠰ ᠣᠷᠣᠨ ᠪᠦᠰᠡ ᠶᠢᠨ ᠤᠰᠤ ᠬᠡᠷᠡᠭᠯᠡᠬᠦ ᠡᠷᠦᠬᠡ᠂ ᠤᠰᠤ ᠬᠡᠷᠡᠭᠯᠡᠬᠦ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣ ᠠᠷᠠᠯᠵᠢᠶᠠᠯᠠᠬᠤ ᠶᠢ ᠳᠡᠮᠵᠢᠨ᠎ᠡ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ ᠡᠴᠦᠰ    ︵ᠬᠤᠶᠠᠷ︶ ᠲᠠᠷᠢᠶᠠᠯᠠᠩ  ᠤᠨ ᠤᠰᠤᠯᠠᠯᠲᠠ ᠶᠢᠨ ᠤᠰᠤ ᠲᠠᠲᠠᠬᠤ ᠵᠥᠪᠰᠢᠶᠡᠷᠡᠯ ᠢ ᠴᠢᠩᠳᠠᠯᠠᠵᠤ᠂ ᠬᠡᠮᠵᠢᠶ᠎ᠡ ᠪᠠᠷ ᠤᠰᠤ ᠲᠠᠲᠠᠬᠤ ᠶᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠠᠴᠠ ᠤᠰᠤ ᠠᠪᠬᠤ ᠳᠤ ᠡᠷᠬᠡᠪᠰᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ ᠵᠥᠪᠰᠢᠶᠡᠷᠡᠭᠦᠯᠬᠦ ᠬᠡᠷᠡᠭᠲᠡᠶ᠂ ᠤᠰᠤ ᠠᠪᠬᠤ ᠵᠥᠪᠰᠢᠶᠡᠷᠡᠯ ᠣᠯᠤᠭᠰᠠᠨ ᠦᠭᠡᠢ ᠪᠣᠯ ᠴᠠᠬᠢᠯᠭᠠᠨ ᠬᠠᠩᠭᠠᠵᠤ ᠪᠣᠯᠬᠤ ᠦᠭᠡᠢ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠤᠰᠤ ᠲᠠᠲᠠᠬᠤ ᠵᠥᠪᠰᠢᠶᠡᠷᠡᠯ ᠥᠬᠡᠶ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠲᠤ ᠡᠬᠡ ᠲᠠᠩᠰᠠ ᠪᠠᠶᠢᠭᠤᠯᠵᠤ᠂ ᠬᠤᠳᠳᠤᠭ ᠳᠠᠷᠠᠭᠠᠯᠠᠨ ᠰᠤᠳᠤᠯᠤᠨ ᠮᠠᠭᠠᠳᠯᠠᠵᠤ᠂ ᠲᠥᠷᠥᠯ ᠬᠤᠪᠢᠶᠠᠨ ᠰᠢᠶ᠋ᠳᠪᠦᠷᠢᠯᠡᠬᠦ ᠬᠡᠷᠡᠭᠲᠡᠶ᠃ ᠵᠥᠪᠰᠢᠶᠡᠷᠡᠯ ᠤᠨ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠴᠠᠭ ᠲᠤᠬᠠᠶ ᠳᠤᠨᠢ  ᠭᠦᠢᠴᠡᠳᠭᠡᠭᠦ ᠬᠡᠷᠡᠭᠲᠡᠶ︔ ᠤᠰᠤ ᠲᠠᠲᠠᠬᠤ ᠵᠥᠪᠰᠢᠶᠡᠷᠡᠯ ᠤᠨ ᠨᠥᠬᠦᠴᠡᠯ ᠢ ᠪᠦᠷᠢᠯᠳᠦᠭᠦᠯᠦᠭᠰᠡᠨ ᠤᠢᠭᠡᠢ ᠪᠠᠶᠢᠪᠠᠯ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠠᠴᠠ ᠴᠠᠬᠢᠯᠭᠠᠨ ᠬᠠᠩᠭᠠᠬᠤ ᠪᠠᠨ ᠲᠡᠷᠡ ᠳᠠᠷᠤᠶ ᠳᠤᠨᠢ ᠵᠣᠭᠰᠣᠭᠠᠨ᠎ᠠ︔ ᠬᠡᠮᠵᠢᠶ᠎ᠡ ᠪᠠᠷ ᠤᠰᠤ ᠲᠠᠲᠠᠬᠤ ᠪᠠ ︽ᠴᠠᠬᠢᠯᠭᠠᠨ ᠢᠶᠠᠷ ᠤᠰᠤ ᠨᠤᠭᠤᠯᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠤᠰᠤ ᠲᠠᠲᠠᠬᠤ ᠬᠡᠮᠵᠢᠯᠲᠡ ᠶᠢᠨ ᠪᠡᠯᠡᠳᠬᠡᠮᠵᠢ ᠤᠭᠰᠠᠷᠠᠭᠤᠯᠬᠤ ᠥᠬᠡᠶ ᠮᠠᠰᠢᠨ ᠴᠠᠬᠢᠯᠭᠠᠨ ᠬᠤᠳᠳᠤᠭ ᠲᠤ ︽ᠴᠠᠬᠢᠯᠭᠠᠨ ᠢᠶᠠᠷ ᠤᠰᠤ ᠨᠤᠭᠤᠯᠬᠤ︾ ᠪᠠᠷ ᠤᠰᠤᠨ ᠤ ᠬᠡᠮᠵᠢᠶ᠎ᠡ ᠶᠢ ᠪᠤᠳᠤᠬᠤ ᠬᠡᠷᠡᠭᠲᠡᠶ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠶᠠᠨ ᠰᠢᠶᠠᠩ ᠭᠠᠴᠠᠭᠠᠨ ᠤ ᠭᠤᠷᠪᠠᠨ ᠱᠠᠲᠤᠨ ᠤ ᠡᠵᠡᠩᠨᠡᠯᠲᠡ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠩ ᠪᠠᠯᠭᠠᠰᠤᠨ ᠤ ᠱᠠᠲᠤᠨ ᠤ ᠲᠠᠪᠴᠠᠩ ᠤᠨ ᠬᠡᠷᠡᠭᠯᠡᠭᠡᠨ ᠤ ᠴᠢᠳᠠᠮᠵᠢ ᠶᠢ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠤᠨ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠶᠢᠨ ᠬᠠᠮᠲᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠬᠡᠷᠡᠭᠯᠡᠵᠦ ᠬᠠᠮᠢᠶᠠᠷᠬᠤ ᠡᠷᠬᠡ ᠶᠢ ᠴᠠᠭ ᠲᠤᠬᠠᠶ ᠳᠤᠨᠢ ᠰᠢᠶᠠᠩ ᠲᠣᠰᠬᠤᠨ ᠬᠤᠳᠳᠤᠭ ᠲᠤ ᠰᠢᠯᠵᠢᠭᠦᠯᠦᠨ ᠲᠤᠰᠢᠶᠠᠵᠤ᠂ ᠰᠢᠶᠠᠩ ᠪᠠᠯᠭᠠᠰᠤ ᠶᠢᠨ ᠠᠵᠢᠯᠯᠠᠭᠤᠯᠵᠤ ᠪᠠᠲᠤᠯᠠᠬᠤ ᠮᠡᠳᠡᠭᠡ ᠵᠠᠩᠭᠢᠵᠢᠯᠲᠠ ᠶᠢᠨ ᠲᠠᠪᠴᠠᠩ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ ᠡᠴᠦᠰ ᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ 2024 ᠣᠨ ᠤ ᠡᠴᠦᠰ ᠲᠤ ᠪᠡᠶᠡᠯᠡᠭᠦᠯᠦᠨ᠎ᠡ    ︵ᠭᠤᠷᠪᠠ︶ ᠥᠨᠳᠥᠷ ᠪᠠᠷᠢᠮᠵᠢᠶᠠᠲᠤ ᠲᠠᠷᠢᠶᠠᠨ ᠭᠠᠵᠠᠷ  ᠤᠨ ᠪᠥᠳᠥᠭᠡᠨ ᠪᠠᠶᠢᠭᠤᠯᠤᠯᠲᠠ ᠶᠢ ᠶᠡᠬᠡᠪᠡᠷ ᠲᠥᠯᠬᠢᠨ ᠠᠬᠢᠭᠤᠯᠵᠤ᠂ ᠪᠠᠷᠢᠯᠭ᠎ᠠ ᠶᠢᠨ ᠠᠷᠭ᠎ᠠ ᠬᠡᠮᠵᠢᠶ᠎ᠡ ᠪᠠᠷ ᠤᠰᠤ ᠠᠷᠪᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︽ᠤᠰᠤ ᠠᠷᠪᠢᠯᠠᠬᠤ︾ ᠬᠦᠴᠦᠨ  ᠵᠤᠶᠢᠯ ᠢ ᠳᠣᠪᠤᠶᠢᠯᠭᠠᠵᠤ᠂ ︽ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠮᠠᠰᠢᠨ + ᠳᠤᠰᠤᠯᠭᠠᠨ ᠤᠰᠤᠯᠠᠬᠤ︾ ᠵᠡᠷᠭᠡ ᠵᠠᠭᠪᠤᠷ ᠢ ᠶᠡᠬᠡᠪᠡᠷ ᠬᠡᠷᠡᠭᠵᠢᠭᠦᠯᠦᠨ᠎ᠡ︔ ︽ᠤᠰᠤ ᠪᠠᠷ ᠭᠠᠵᠠᠷ ᠢ ᠲᠣᠭᠲᠠᠭᠠᠵᠤ᠂ ᠤᠰᠤ ᠶᠢ ᠬᠡᠮᠵᠢᠵᠦ ᠳᠠᠷᠢᠬᠤ︾ ᠣᠨᠣᠯᠵᠢᠬᠤᠨ ᠢ ᠪᠠᠷᠢᠮᠲᠠᠯᠠᠨ᠂ ᠲᠩᠷᠢ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠱᠤᠩᠭᠤᠯ ᠣᠩᠭᠤᠴᠠ ᠶᠢ ᠬᠠᠰᠢᠵᠤ ᠤᠰᠤ ᠬᠠᠳᠠᠭᠠᠯᠠᠬᠤ᠂ ᠪᠤᠯᠠᠭ ᠤᠨ ᠤᠰᠤ ᠶᠢ ᠲᠠᠲᠠᠵᠤ ᠤᠰᠤ ᠬᠠᠳᠠᠭᠠᠯᠠᠬᠤ᠂ ᠭᠤᠤ ᠰᠤᠪᠠᠭ ᠢ ᠵᠠᠰᠠᠵᠤ ᠤᠰᠤ ᠴᠤᠭᠯᠠᠭᠤᠯᠬᠤ᠂ ᠪᠣᠷᠣᠭᠠᠨ ᠤ ᠤᠰᠤ ᠶᠢ ᠴᠤᠭᠯᠠᠭᠤᠯᠵᠤ ᠤᠰᠤ ᠬᠠᠳᠠᠭᠠᠯᠠᠬᠤ᠂ ᠲᠠᠷᠢᠶᠠᠯᠠᠩ ᠤᠨ ᠮᠡᠷᠭᠡᠵᠢᠯ ᠢᠶᠠᠷ ᠤᠰᠤ ᠬᠠᠳᠠᠭᠠᠯᠠᠬᠤ ᠵᠡᠷᠭᠡ ᠬᠠᠭᠤᠷᠠᠶ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠵᠢᠯ ᠪᠦᠷᠢ ᠶᠢᠨ ᠬᠠᠪᠤᠷ ᠤᠨ ᠤᠯᠠᠷᠢᠯ ᠳᠤ ᠠᠵᠢᠯ ᠡᠬᠢᠯᠡᠭᠦᠯᠵᠦ᠂ ᠵᠢᠯ ᠤᠨ ᠳᠣᠲᠣᠷ᠎ᠠ ᠠᠵᠢᠯ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ 2023 ᠣᠨ ᠠᠴᠠ 2025 ᠣᠨ ᠪᠣᠯᠲᠠᠯ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 51 ᠲᠦᠮᠡᠨ ᠮᠥ ᠰᠢᠨ᠎ᠡ ᠪᠠᠷ ᠪᠠᠶᠢᠭᠤᠯᠵᠤ᠂ ᠶᠡᠷᠦᠩᠬᠡᠶ ᠲᠠᠯᠠᠪᠠᠶ ᠨᠢ 351 ᠲᠦᠮᠡᠨ ᠮᠥ ᠳᠤ ᠬᠦᠷᠴᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠨᠡᠶᠢᠲᠡ 8.8 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.767 ᠭᠠᠷᠤᠶ ᠳᠤ ᠬᠦᠷᠦᠭᠦᠯᠦᠨ᠎ᠡ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ  ︵ᠲᠥᠷᠪᠡ︶ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ ᠰᠢᠨ᠎ᠡ ᠮᠡᠷᠭᠡᠵᠢᠯ  ᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ  ᠤᠨ ᠮᠡᠷᠭᠡᠵᠢᠯ  ᠤᠨ ᠠᠷᠭ᠎ᠠ ᠬᠡᠮᠵᠢᠶ᠎ᠡ ᠪᠠᠷ ᠤᠰᠤ ᠠᠷᠪᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ᠂ ᠭᠦᠨ ᠬᠠᠭᠠᠯᠪᠤᠷᠢᠯᠠᠵᠤ ᠭᠦᠨ ᠰᠤᠯᠠᠷᠠᠭᠤᠯᠬᠤ᠂ ᠡᠰᠢ ᠰᠦᠷᠡᠯ ᠢ ᠲᠠᠷᠢᠶᠠᠨ ᠳᠤ ᠣᠷᠣᠭᠤᠯᠬᠤ ᠪᠠ ᠣᠷᠭᠠᠨᠢᠭ ᠪᠤᠷᠳᠤᠭᠤᠷ ᠨᠡᠮᠡᠵᠦ ᠣᠷᠣᠭᠤᠯᠬᠤ ᠵᠡᠷᠭᠡ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ ᠮᠡᠷᠭᠡᠵᠢᠯ ᠤᠨ ᠮᠡᠷᠭᠡᠵᠢᠯ ᠢ ᠢᠳᠡᠪᠬᠢᠲᠡᠶ ᠪᠠᠷ ᠳᠡᠯᠭᠡᠷᠡᠭᠦᠯᠵᠦ᠂ ᠬᠥᠷᠥᠰᠥ ᠰᠢᠷᠣᠶ ᠶᠢᠨ ᠪᠦᠲᠦᠴᠡ ᠶᠢ ᠪᠦᠲᠦᠮᠵᠢᠲᠡᠶ ᠪᠠᠷ ᠰᠠᠶᠢᠵᠢᠷᠠᠭᠤᠯᠵᠤ᠂ ᠬᠥᠷᠥᠰᠥ ᠰᠢᠷᠣᠶ ᠶᠢᠨ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠲᠠᠷᠢᠶᠠᠯᠠᠬᠤ ᠳᠠᠪᠬᠤᠷᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠤᠷᠳᠤᠭᠤᠷ ᠢᠶᠠᠷ ᠤᠰᠤ ᠲᠣᠬᠢᠷᠠᠭᠤᠯᠵᠤ᠂ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠶᠢ ᠪᠡᠶᠡᠯᠡᠭᠦᠯᠦᠨ᠎ᠡ᠃ ᠤᠰᠤᠨ ᠠᠰᠢᠭᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠨᠤᠭᠤᠳ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠳᠤ ᠲᠦᠰᠢᠭᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠥᠮᠥᠰᠥ ᠶᠢᠨ ᠥᠨᠳᠥᠷ ᠳᠠᠯᠪᠠᠭ᠎ᠠ ᠬᠠᠭᠠᠰ ᠥᠨᠳᠥᠷ ᠳᠠᠯᠪᠠᠭ᠎ᠠ ︵ᠭᠦᠶᠦᠭᠡᠨ ᠪᠤᠯᠠᠭᠰᠠᠨ︶ ᠳᠤᠰᠤᠯᠭᠠᠨ ᠤᠰᠤᠯᠠᠬᠤ᠂ ᠡᠷᠳᠡᠨᠢ ᠰᠢᠰᠢ ᠶᠢᠨ ᠪᠦᠷᠬᠦᠭᠦᠯ ᠤᠨ ᠳᠣᠤᠷ᠎ᠠ ᠳᠤᠰᠤᠯᠭᠠᠨ ᠤᠰᠤᠯᠠᠬᠤ ᠵᠡᠷᠭᠡ ᠤᠰᠤ ᠠᠷᠪᠢᠯᠠᠬᠤ ᠰᠢᠨ᠎ᠡ ᠮᠡᠷᠭᠡᠵᠢᠯ ᠢ ᠳᠡᠯᠭᠡᠷᠡᠭᠦᠯᠵᠦ᠂ ᠤᠰᠤ ᠪᠣᠷᠳᠣᠭᠤᠷ ᠢ ᠨᠢᠭᠡ ᠴᠣᠠᠠᠴᠠᠵᠢᠭᠤᠯᠥᠠᠠᠰᠠᠨ ᠨᠠᠷᠢᠯᠢᠭ ᠣᠨᠣᠴᠠᠲᠠᠶ ᠪᠠᠷ ᠳᠤᠰᠤᠯᠭᠠᠨ ᠤᠰᠤᠯᠠᠬᠤ ᠣᠶᠤᠨᠴᠢᠯᠠᠭᠰᠠᠨ ᠤᠰᠤ ᠠᠷᠪᠢᠯᠠᠬᠤ ᠰᠢᠨ᠎ᠡ ᠮᠡᠷᠭᠡᠵᠢᠯ ᠢ ᠵᠢᠱᠢᠶ᠎ᠡ ᠦᠵᠡᠭᠦᠯᠦᠨ ᠬᠡᠷᠡᠭᠯᠡᠵᠦ᠂ ᠲᠣᠭᠲᠠᠭᠰᠠᠨ ᠴᠠᠭ᠂ ᠬᠡᠷᠡᠭᠴᠡᠭᠡ ᠪᠠ ᠬᠡᠮᠵᠢᠶ᠎ᠡ ᠪᠠᠷ ᠤᠰᠤᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤ ᠶᠢ ᠥᠨᠳᠥᠷ ᠠᠰᠢᠭᠯᠠᠮᠵᠢ ᠲᠠᠢ ᠪᠣᠯᠭᠠᠬᠤ᠂ ᠨᠠᠷᠢᠯᠢᠭ ᠣᠨᠣᠴᠠ ᠲᠠᠢ ᠪᠣᠯᠭᠠᠬᠤ᠂ ᠤᠶᠤᠨᠴᠢᠯᠠᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠰᠢᠩ ᠾᠧ ᠰᠢᠶᠠᠨ ᠳᠤ ᠪᠥᠬᠦ ᠣᠷᠣᠨ ᠪᠦᠰᠡ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠵᠤ᠂ ᠤᠰᠤᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠤᠰᠤ ᠪᠣᠷᠳᠣᠭᠤᠷ ᠤᠨ ᠣᠶᠤᠨᠴᠢ ᠡᠵᠡᠮᠳᠡᠯ ᠤᠨ ᠲᠥᠬᠦᠭᠡᠷᠦᠮᠵᠢ ᠳᠣᠭᠢᠷᠠᠭᠤᠯᠬᠤ ᠶᠢ ᠵᠣᠷᠢᠭᠵᠢᠭᠤᠯᠵᠤ᠂ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠨᠠᠷᠢᠯᠢᠭ ᠣᠨᠣᠴᠠᠲᠠᠶ ᠬᠠᠮᠢᠶᠠᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠠᠭᠤᠷᠠᠶ ᠲᠠᠷᠢᠶᠠᠯᠠᠭ᠎ᠠ ᠶᠢᠨ ᠭᠠᠵᠠᠷ ᠣᠷᠣᠨ ᠨᠢ ᠤᠰᠤ ᠬᠤᠷᠠᠭᠤᠯᠵᠤ ᠴᠢᠬᠢᠭ ᠢ ᠪᠠᠲᠤᠯᠠᠬᠤ᠂ ᠪᠣᠷᠣᠭᠠᠨ ᠢ ᠬᠤᠷᠠᠭᠤᠯᠵᠤ ᠤᠰᠤᠯᠠᠯᠲᠠ ᠶᠢ ᠨᠥᠬᠦᠪᠥᠷᠢᠯᠡᠬᠦ ᠵᠡᠷᠭᠡ ᠮᠡᠷᠭᠡᠵᠢᠯ ᠢ ᠠᠬᠢᠭᠤᠯᠵᠤ᠂ ᠰᠦᠯᠢᠶᠣᠣ ᠪᠦᠷᠬᠦᠭᠦᠯ ᠤᠨ ᠪᠦᠷᠬᠦᠯᠲᠡ᠂ ᠤᠰᠤ ᠬᠠᠳᠠᠭᠠᠯᠠᠬᠤ ᠡᠳ᠋ ᠵᠡᠷᠭᠡ ᠶᠢ ᠬᠡᠷᠡᠭᠯᠡᠨ᠂ ᠤᠰᠤᠨ ᠤ ᠠᠰᠢᠭᠯᠠᠮᠵᠢ ᠶᠢ ᠳᠡᠭᠡᠭᠰᠢᠯᠡᠭᠦᠯᠦᠨ᠎ᠡ᠃ 2023 — 2025 ᠣᠨ ᠳᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ ᠨᠡᠶᠢᠳᠡ 10 ᠲᠦᠮᠡᠨ  ᠮᠦ ᠰᠢᠨ᠎ᠡ ᠪᠠᠷ ᠨᠡᠮᠡᠭᠳᠡᠭᠦᠯᠦᠨ ᠳᠡᠯᠭᠡᠷᠡᠭᠦᠯᠪᠡ᠃ 2024 ᠣᠨ ᠤ ᠡᠴᠦᠰ ᠪᠣᠯᠬᠤ ᠳᠤ ᠰᠢᠩ ᠾᠧ ᠰᠢᠶᠠᠨ ᠤ ᠪᠦᠸᠧᠼᠠᠶ ᠨᠣᠭᠤᠭ᠎ᠠ ᠳᠠᠷᠢᠬᠤ ᠵᠡᠷᠭᠡ ︽ᠶᠡᠭᠡ ᠤᠰᠤ ᠪᠠᠷ ᠨᠡᠯᠦᠩᠬᠡᠶ ᠤᠰᠤᠯᠠᠬᠤ︾ ᠠᠰᠠᠭᠤᠳᠠᠯ ᠢ ᠪᠥᠬᠦ ᠲᠠᠯ᠎ᠠ ᠪᠠᠷ  ᠰᠢᠢᠳᠪᠤᠷᠢᠯᠡᠵᠦ᠂ 2025 ᠣᠨ ᠪᠣᠯᠬᠤ ᠳᠤ ᠰᠢᠩ ᠾᠧ ᠰᠢᠶᠠᠨ ᠤ ᠤᠰᠤᠯᠠᠯᠲᠠ ᠶᠢᠨ ᠲᠠᠷᠢᠶᠠᠨ ᠭᠠᠵᠠᠷ ᠲᠤ ᠴᠥᠮ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠪᠡᠶᠡᠯᠡᠭᠦᠯᠦᠨ᠎ᠡ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ ᠡᠴᠦᠰ ᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠬᠤ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ    ︵ᠲᠠᠪᠤ︶ ᠴᠢᠨᠠᠷ ᠰᠠᠶᠢᠲᠠᠶ ᠲᠣᠬᠢᠷᠠᠮᠵᠢᠲᠠᠶ ᠡᠭᠦᠯᠳᠡᠷ  ᠤᠨ ᠡᠭᠦᠯᠳᠡᠷ ᠢ ᠶᠡᠬᠡᠪᠡᠷ ᠰᠣᠩᠭᠤᠨ ᠭᠠᠷᠭᠠᠵᠤ᠂ ᠪᠦᠲᠦᠴᠡ ᠶᠢ ᠲᠣᠬᠢᠷᠠᠭᠤᠯᠬᠤ ᠠᠷᠭ᠎ᠠ ᠬᠡᠮᠵᠢᠶ᠎ᠡ ᠪᠠᠷ ᠤᠰᠤ ᠠᠷᠪᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃ ᠤᠰᠤᠨ ᠤ ᠡᠬᠢ ᠪᠠᠶᠠᠯᠢᠭ ᠤᠨ ᠲᠥᠷᠥᠯᠬᠢ ᠨᠥᠬᠦᠴᠡᠯ ᠢ ᠦᠨᠳᠦᠰᠦᠯᠡᠨ᠂ ᠳᠡᠭᠡᠳᠦ ᠱᠠᠲᠤᠨ ᠠᠴᠠ ᠪᠠᠭᠤᠯᠭᠠᠭᠰᠠᠨ ᠠᠮᠤ ᠲᠣᠰᠣᠨ ᠤ  ᠤᠶᠢᠯᠡᠳᠪᠤᠷᠢᠯᠡᠯ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠭᠰᠠᠨ ᠤᠷᠢᠲᠠᠯ ᠳᠣᠤᠷ᠎ᠠ᠂ ᠤᠰᠤᠨ ᠤ ᠪᠠᠶᠢᠷᠢᠰᠢᠭᠤᠯᠤᠯᠲᠠ ᠪᠠᠷ᠂ ᠤᠰᠤᠨ ᠤ ᠬᠡᠮᠵᠢᠶ᠎ᠡ ᠪᠠᠷ  ᠤᠶᠢᠯᠡᠳᠪᠤᠷᠢᠯᠡᠵᠦ᠂ ᠤᠰᠤᠨ ᠳᠤ ᠳᠣᠭᠢᠷᠠᠭᠤᠯᠤᠨ ᠳᠠᠷᠢᠵᠤ᠂ ᠳᠠᠷᠢᠬᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠢ ᠵᠣᠬᠢᠬᠤ ᠬᠡᠮᠵᠢᠶ᠎ᠡ ᠪᠠᠷ ᠪᠠᠭᠠᠰᠬᠠᠨ᠂ ᠨᠣᠬᠠᠶ ᠶᠢᠨ ᠬᠤᠰᠢᠭᠤ ᠵᠡᠷᠭᠡ ᠡᠯᠳᠡᠪ ᠠᠮᠤ ᠪᠤᠷᠴᠠᠭ ᠤᠨ  ᠵᠤᠶᠢᠯ᠂ ᠰᠢᠯᠢᠮᠳᠡᠭ ᠪᠠ ᠬᠤᠮᠠ ᠵᠡᠷᠭᠡ ᠤᠰᠤ ᠪᠠᠭ᠎ᠠ ᠬᠤᠷᠣᠭᠳᠠᠭᠤᠯᠬᠤ ᠲᠠᠷᠢᠮᠠᠯ ᠪᠤᠶᠤ ᠭᠠᠩ ᠳᠤ ᠲᠡᠰᠪᠦᠷᠢᠲᠡᠶ ᠲᠠᠷᠢᠮᠠᠯ ᠢ ᠳᠠᠷᠢᠬᠤ ᠶᠢ ᠵᠣᠷᠢᠭᠵᠢᠭᠤᠯᠤᠨ᠎ᠠ᠃ ᠬᠤᠸᠠᠳᠧ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠵᠦᠸᠧᠽᠢ ᠰᠢᠶᠠᠨ ᠵᠡᠷᠭᠡ ᠬᠤᠰᠢᠭᠤ ᠰᠢᠶᠠᠨ ᠟ ᠲᠤ ᠨᠣᠬᠠᠶ ᠶᠢᠨ ᠬᠤᠰᠢᠭᠤ ᠲᠠᠷᠢᠬᠤ ᠶᠢ ᠬᠥᠲᠥᠯᠥᠨ ᠵᠢᠯᠣᠭᠤᠳᠴᠤ᠂  ᠯᠢᠶᠠᠩᠴᠧᠩ ᠰᠢᠶᠠᠨ᠂ ᠰᠢᠩ ᠾᠧ ᠰᠢᠶᠠᠨ ᠪᠣᠯᠤᠨ ᠱᠠᠩᠳᠤ ᠰᠢᠶᠠᠨ ᠵᠡᠷᠭᠡ ᠬᠤᠰᠢᠭᠤ ᠰᠢᠶᠠᠨ ᠲᠤ ᠪᠤᠷᠴᠠᠭ ᠲᠠᠷᠢᠬᠤ ᠶᠢ ᠬᠥᠲᠥᠯᠥᠨ ᠵᠢᠯᠣᠭᠤᠳᠴᠤ᠂ ᠳᠥᠷᠪᠡᠳ ᠬᠤᠰᠢᠭᠤ᠂ ᠱᠠᠩᠳᠤ ᠰᠢᠶᠠᠨ ᠵᠡᠷᠭᠡ ᠬᠤᠰᠢᠭᠤ ᠰᠢᠶᠠᠨ ᠲᠤ ᠰᠢᠯᠢᠮᠳᠡᠭ ᠲᠠᠷᠢᠬᠤ ᠶᠢ ᠬᠥᠲᠥᠯᠥᠨ ᠵᠢᠯᠣᠭᠤᠳᠴᠤ᠂ ᠰᠢᠩ ᠾᠧ ᠰᠢᠶᠠᠨ᠂ ᠵᠦᠸᠧᠽᠢ ᠰᠢᠶᠠᠨ ᠵᠡᠷᠭᠡ ᠬᠤᠰᠢᠭᠤ ᠰᠢᠶᠠᠨ ᠲᠤ ᠬᠤᠮᠠ ᠲᠠᠷᠢᠬᠤ ᠶᠢ ᠬᠥᠲᠥᠯᠥᠨ ᠵᠢᠯᠣᠭᠤᠳᠤᠨ᠎ᠠ᠃ ᠦᠷ᠎ᠡ ᠰᠣᠩᠭᠤᠬᠤ ᠲᠠᠪᠴᠠᠩ ᠢ ᠡᠭᠦᠳᠦᠨ ᠪᠠᠶᠢᠭᠤᠯᠬᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠲᠥᠷᠥᠯ  ᠵᠤᠶᠢᠯ ᠳᠤ ᠲᠦᠰᠢᠭᠯᠡᠨ᠂ ᠬᠠᠭᠤᠷᠠᠶ ᠲᠠᠷᠢᠶᠠᠯᠠᠭ᠎ᠠ ᠶᠢᠨ ᠣᠷᠣᠨ ᠪᠠ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠣᠷᠣᠨ ᠳᠤ ᠣᠷᠣᠭᠤᠯᠤᠨ ᠠᠪᠴᠢᠷᠠᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠ ᠳᠠᠷᠢᠵᠤ ᠪᠣᠯᠬᠤ ᠭᠠᠩ ᠢ ᠡᠰᠡᠷᠭᠦᠴᠡᠬᠦ ᠲᠥᠷᠥᠯ  ᠵᠤᠶᠢᠯ ᠢ ᠰᠢᠯᠢᠨ ᠰᠣᠩᠭᠤᠵᠤ ᠳᠡᠯᠭᠡᠷᠡᠭᠦᠯᠦᠨ᠎ᠡ᠃ 2023 — 2025 ᠣᠨ ᠳᠤ᠂ ᠲᠠᠷᠢᠮᠠᠯ ᠤᠨ ᠪᠦᠲᠦᠴᠡ ᠳᠤ ᠨᠡᠶᠢᠲᠡ 18 ᠲᠦᠮᠡᠨ ᠮᠥ ᠲᠣᠬᠢᠷᠠᠭᠤᠯᠤᠯᠲᠠ ᠬᠢᠵᠦ᠂ ᠭᠠᠩ ᠢ ᠡᠰᠡᠷᠭᠦᠴᠡᠬᠦ 32 ᠲᠦᠮᠡᠨ ᠮᠥ ᠡᠭᠦᠯᠳᠡᠷ ᠢ ᠳᠡᠯᠭᠡᠷᠡᠭᠦᠯᠪᠡ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ ᠡᠴᠦᠰ ᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠬᠤ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ    ᠬᠤᠶᠠᠷ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠲᠠᠯ᠎ᠠ ᠪᠠᠷ    ︵ᠵᠢᠷᠭᠤᠭ᠎ᠠ︶ ᠠᠵᠤ ᠦᠢᠯᠡᠳᠪᠦᠷᠢ ᠶᠢᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠡᠵᠡᠮᠳᠡᠵᠦ᠂ ᠣᠶᠤᠨᠴᠢ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠣᠷᠣᠬᠤ ᠶᠢ ᠵᠦᠪᠰᠢᠶᠡᠷᠡᠬᠦ ᠲᠣᠭᠲᠠᠴᠠ ᠶᠢ ᠴᠢᠩᠭᠠᠳᠬᠠᠵᠤ  ᠂ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ᠂ ᠪᠣᠯᠣᠳ ᠲᠡᠮᠦᠷ᠂ ᠨᠡᠬᠡᠮᠡᠯ᠂ ᠴᠠᠭᠠᠰᠤ ᠬᠢᠬᠦ᠂ ᠴᠢᠯᠠᠭᠤᠨ ᠲᠣᠰᠣ ᠬᠢᠮᠢ ᠪᠠ ᠬᠢᠮᠢ ᠶᠢᠨ ᠠᠵᠤ ᠦᠢᠯᠡᠳᠪᠦᠷᠢ ᠵᠡᠷᠭᠡ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠠᠭᠠᠵᠠᠯᠠᠨ᠎ᠠ᠃ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠡᠷᠢᠭᠦᠨ ᠤ ᠬᠡᠮᠵᠢᠭᠳᠡᠯ ᠠᠴᠠ ᠳᠣᠤᠷ᠎ᠠ ᠦᠭᠡᠶ ᠪᠠᠶᠢᠵᠤ ᠪᠣᠯᠬᠤ ᠦᠭᠡᠶ᠂ ᠡᠩ ᠤᠨ ᠪᠤᠰᠤ ᠤᠰᠤᠨ ᠰᠤᠷᠪᠤᠯᠵᠢ ᠶᠢ ᠲᠣᠬᠢᠷᠠᠭᠤᠯᠤᠨ ᠠᠰᠢᠭᠯᠠᠬᠤ ᠨᠥᠬᠦᠴᠡᠯ ᠢ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠡᠩ ᠤᠨ ᠪᠤᠰᠤ ᠤᠰᠤᠨ ᠰᠤᠷᠪᠤᠯᠵᠢ ᠶᠢ ᠬᠡᠷᠡᠭᠯᠡᠬᠦ ᠶᠣᠰᠣᠲᠠᠶ ᠪᠦᠬᠦᠨ ᠢ ᠬᠡᠷᠡᠭᠯᠡᠬᠦ ᠶᠢ ᠠᠬᠢᠭᠤᠯᠤᠨ᠎ᠠ᠃ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠭᠠᠵᠠᠷ ᠣᠷᠣᠨ ᠳᠤ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠪᠠᠷ ᠨᠤᠲᠠᠯᠠᠭᠤᠯᠤᠭᠰᠠᠨ ᠦᠭᠡᠶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠰᠤ ᠲᠠᠲᠠᠬᠤ ᠵᠥᠪᠰᠢᠶᠡᠷᠡᠯ ᠢ ᠨᠢ ᠵᠥᠪᠰᠢᠶᠡᠷᠡᠵᠦ ᠪᠣᠯᠬᠤ ᠦᠭᠡᠶ᠃ ᠤᠰᠤ ᠠᠷᠪᠢᠯᠠᠬᠤ ᠳᠤ ᠦᠨᠡᠯᠡᠯᠲᠡ ᠬᠢᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠳᠤ ᠦᠨᠡᠯᠡᠯᠲᠡ ᠬᠢᠵᠦ ᠬᠢᠨᠠᠨ ᠪᠠᠶᠢᠴᠠᠭᠠᠬᠤ ᠶᠢ ᠴᠢᠩᠭᠠᠷᠠᠭᠤᠯᠤᠨ᠂ ᠦᠨᠡᠯᠡᠪᠡᠰᠦ ᠵᠣᠬᠢᠬᠤ ᠳᠤᠨᠢ ᠪᠦᠬᠦᠨ ᠢ ᠦᠨᠡᠯᠡᠬᠦ᠂ ᠴᠢᠩᠭ᠎ᠠ ᠬᠢᠨᠠᠨ ᠬᠢᠨᠠᠵᠤ ᠴᠢᠩᠭ᠎ᠠ ᠬᠠᠮᠢᠶᠠᠷᠬᠤ ᠶᠢ ᠦᠨᠡᠨᠬᠦ ᠪᠠᠲᠤᠯᠠᠵᠤ᠂ ᠵᠦᠢ ᠵᠣᠬᠢᠰ ᠦᠭᠡᠶ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠡᠷᠡᠰ ᠬᠤᠷᠢᠭᠯᠠᠨ᠎ᠠ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠬᠤᠭᠤᠴᠠᠭ᠎ᠠ᠄ ᠣᠷᠳᠣ ᠬᠤᠭᠤᠴᠠᠭ᠎ᠠ ᠪᠠᠷ ᠪᠠᠷᠢᠮᠲᠠᠯᠠᠬᠤ    ︵ᠳᠣᠯᠤᠭ᠎ᠠ︶ ᠤᠰᠤ ᠠᠷᠪᠢᠯᠠᠬᠤ ᠲᠡᠷᠢᠭᠦᠨ ᠤ ᠮᠡᠷᠭᠡᠵᠢᠯ ᠲᠣᠨᠣᠭᠯᠠᠯ ᠢ ᠶᠡᠬᠡᠪᠡᠷ ᠳᠡᠯᠭᠡᠷᠡᠭᠦᠯᠵᠦ᠂ ᠮᠡᠷᠭᠡᠵᠢᠯ ᠤᠨ ᠴᠢᠨᠠᠷᠲᠠᠶ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠤᠨ ᠥᠨᠳᠥᠷ ᠦᠷ᠎ᠡ ᠪᠦᠲᠦᠮᠵᠢᠲᠡᠶ ᠪᠠᠷ ᠬᠥᠷᠥᠭᠡᠬᠦ᠂ ᠤᠰᠤ ᠦᠭᠡᠶ ᠪᠠᠷ ᠤᠬᠢᠶᠠᠵᠤ ᠴᠡᠪᠡᠷᠯᠡᠬᠦ᠂ ᠡᠷᠭᠢᠯᠳᠦᠭᠦᠯᠦᠨ ᠤᠰᠤ ᠬᠡᠷᠡᠭᠯᠡᠬᠦ᠂ ᠬᠠᠶᠠᠭᠳᠠᠮᠠᠯ ᠪᠣᠬᠢᠷ ᠤᠰᠤ ᠶᠢ ᠳᠠᠬᠢᠨ ᠠᠰᠢᠭᠯᠠᠬᠤ᠂ ᠤᠰᠤ ᠶᠡᠭᠡ ᠬᠤᠷᠣᠭᠳᠠᠭᠤᠯᠬᠤ ᠦᠢᠯᠡᠳᠪᠦᠷᠢᠯᠡᠯ ᠤᠨ ᠤᠷᠠᠨ ᠳᠠᠷᠬ᠎ᠠ ᠶᠢ ᠣᠷᠣᠯᠠᠭᠤᠯᠬᠤ ᠵᠡᠷᠭᠡ ᠤᠰᠤ ᠠᠷᠪᠢᠯᠠᠬᠤ ᠤᠷᠠᠨ ᠳᠠᠷᠬ᠎ᠠ ᠪᠣᠯᠤᠨ ᠮᠡᠷᠭᠡᠵᠢᠯ ᠢ ᠶᠡᠬᠡᠪᠡᠷ ᠳᠡᠯᠭᠡᠷᠡᠭᠦᠯᠬᠦ ᠬᠡᠷᠡᠭᠲᠡᠶ᠃ ᠬᠡᠷᠡᠭᠯᠡᠭᠡ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠳ ᠤᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠤᠰᠤ ᠠᠷᠪᠢᠯᠠᠬᠤ ᠮᠡᠷᠭᠡᠵᠢᠯ᠂ ᠲᠣᠨᠤᠭ ᠲᠥᠬᠦᠭᠡᠷᠦᠮᠵᠢ ᠪᠣᠯᠤᠨ ᠦᠢᠯᠡᠳᠬᠦᠨ ᠤ ᠭᠠᠷᠴᠠᠭ ᠢ ᠳᠡᠯᠭᠡᠷᠡᠭᠦᠯᠬᠦ ᠶᠢ ᠢᠳᠡᠪᠬᠢᠲᠡᠶ ᠪᠠᠷ ᠵᠣᠷᠢᠭᠵᠢᠭᠤᠯᠬᠤ ᠬᠡᠷᠡᠭᠲᠡᠶ᠃ ᠪᠦᠬᠦ ᠬᠤᠲᠠ ᠶᠢᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ᠂ ᠬᠢᠮᠢ ᠶᠢᠨ ᠠᠵᠤ ᠦᠢᠯᠡᠳᠪᠦᠷᠢ᠂ ᠪᠣᠯᠣᠳ ᠲᠡᠮᠦᠷ ︵ᠲᠡᠮᠦᠷ ᠤᠨ ᠬᠠᠶᠢᠯᠤᠰᠢ︶ ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠢ ᠪᠠᠶᠢᠴᠠᠭᠠᠨ ᠵᠢᠭᠰᠠᠭᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠡᠷᠢᠭᠦᠨ ᠤ ᠥᠷᠲᠡᠭ ᠲᠠᠢ ᠬᠠᠷᠢᠴᠠᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠦᠨ᠎ᠡ᠃ 2025 ᠤᠨ ᠪᠣᠯᠬᠤ ᠳᠤ ᠪᠥᠬᠦ ᠬᠤᠲᠠ ᠶᠢᠨ 60 ᠠᠵᠤ ᠠᠬᠤᠶᠢᠯᠠᠯ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠬᠤ ᠪᠠᠷ ᠴᠢᠷᠮᠠᠶᠢᠨ᠎ᠠ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ ᠡᠴᠦᠰ ᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠬᠤ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃  ᠭᠤᠷᠪᠠ᠂ ᠠᠮᠢ ᠠᠬᠤᠶ ᠶᠢᠨ ᠤᠰᠤ ᠠᠷᠪᠢᠯᠠᠬᠤ ᠲᠠᠯ᠎ᠠ ᠪᠠᠷ    ︵ᠨᠠᠢᠮᠠ︶ ᠤᠰᠤ ᠠᠷᠪᠢᠯᠠᠵᠤ ᠤᠰᠤᠯᠠᠬᠤ ᠮᠡᠷᠭᠡᠵᠢᠯ ᠢ ᠶᠡᠬᠡᠪᠡᠷ ᠬᠡᠷᠡᠭᠵᠢᠭᠦᠯᠵᠦ᠂ ᠠᠮᠢ ᠠᠬᠤᠶ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠴᠡᠴᠡᠷᠯᠢᠭ ᠤᠨ ᠠᠷᠠᠴᠢᠯᠠᠯᠲᠠ ᠳᠤᠮᠳᠠ ᠳᠤᠰᠤᠯᠭᠠᠨ ᠤᠰᠤᠯᠠᠬᠤ᠂ ᠰᠦᠷᠴᠢᠨ ᠤᠰᠤᠯᠠᠬᠤ ᠵᠡᠷᠭᠡ ᠤᠰᠤ ᠠᠷᠪᠢᠯᠠᠵᠤ ᠤᠰᠤᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠴᠡᠴᠡᠷᠯᠢᠭ ᠤᠨ ᠠᠷᠠᠴᠢᠯᠠᠵᠤ ᠬᠠᠮᠠᠭᠠᠯᠠᠬᠤ ᠥᠪᠡᠷ ᠲᠡᠭᠡᠨ ᠪᠡᠯᠡᠳᠬᠡᠭᠰᠡᠨ ᠬᠤᠳᠳᠤᠭ ᠤᠨ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠶᠢ ᠪᠦᠷᠢᠨ ᠪᠥᠷᠬᠦᠭᠦᠯᠦᠨ᠎ᠡ᠃ ᠴᠡᠴᠡᠷᠯᠢᠭ ᠤᠨ ᠨᠣᠭᠤᠭᠠᠨ ᠬᠥᠷᠥᠰᠥ ᠶᠢᠨ ᠳᠤᠮᠳᠠ ᠤᠰᠤ ᠠᠷᠪᠢᠯᠠᠬᠤ ᠤᠰᠤᠯᠠᠯᠲᠠ ᠶᠢᠨ ᠪᠡᠯᠡᠳᠬᠡᠮᠵᠢ ᠶᠢ ᠠᠯᠬᠤᠮ ᠠᠯᠬᠤᠮ ᠢᠶᠠᠷ ᠪᠦᠲᠦᠭᠡᠨ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠪᠠᠭᠤᠷᠠᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠬᠡᠷᠡᠭᠲᠡᠶ᠃ ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠵᠤ ᠨᠣᠭᠤᠭᠠᠷᠠᠭᠤᠯᠬᠤ ᠶᠢ ᠡᠰᠡᠷᠭᠦᠴᠡᠬᠦ ᠤᠰᠤ ᠬᠡᠷᠡᠭᠯᠡᠬᠦ ᠶᠢ ᠴᠢᠩᠭᠠᠳᠬᠠᠵᠤ᠂ ᠠᠭᠠᠷ ᠠᠴᠠ ᠰᠡᠷᠭᠡᠶᠢᠯᠡᠬᠦ ᠨᠦᠬᠡ ᠶᠢᠨ ᠤᠰᠤ ᠦᠯᠡᠳᠡᠭᠡᠬᠦ᠂ ᠠᠭᠤᠷᠬᠠᠢ ᠶᠢᠨ ᠰᠡᠶᠢᠷᠡᠭ ᠬᠠᠭᠤᠷᠠᠶ ᠤᠰᠤ ᠵᠡᠷᠭᠡ ᠡᠩ ᠤᠨ ᠪᠤᠰᠤ ᠤᠰᠤᠨ ᠰᠤᠷᠪᠤᠯᠵᠢ ᠶᠢ ᠠᠮᠢ ᠠᠬᠤᠶ ᠶᠢᠨ ᠤᠰᠤ ᠬᠡᠷᠡᠭᠯᠡᠬᠦ ᠤᠰᠤᠨ ᠰᠤᠷᠪᠤᠯᠵᠢ ᠶᠢᠨ ᠭᠠᠵᠠᠷ ᠲᠤ ᠣᠷᠣᠭᠤᠯᠵᠤ᠂ ᠠᠮᠢ ᠠᠬᠤᠶ ᠶᠢᠨ ᠬᠡᠷᠡᠭᠯᠡᠬᠦ ᠤᠰᠤᠨ ᠤ ᠭᠠᠵᠠᠷ ᠳᠣᠤᠷᠠᠬᠢ ᠤᠰᠤᠨ ᠤ ᠬᠡᠮᠵᠢᠶ᠎ᠡ ᠶᠢ ᠵᠢᠯ ᠳᠠᠷᠠᠭᠠᠯᠠᠨ ᠪᠠᠭᠤᠷᠠᠭᠤᠯᠬᠤ ᠬᠡᠷᠡᠭᠲᠡᠶ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠴᠡᠴᠡᠷᠯᠢᠭ ᠤᠨ ᠦᠢᠯᠡᠴᠢᠯᠡᠭᠡᠨ ᠤ ᠲᠥᠪ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ ᠡᠴᠦᠰ ᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠬᠤ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃    ︵ᠶᠢᠰᠦ︶ ᠬᠦᠢᠲᠡᠨ ᠳᠤ ᠲᠡᠰᠪᠦᠷᠢᠲᠡᠢ᠂ ᠭᠠᠩ ᠬᠠᠭᠰᠠᠷᠭᠠᠨ ᠳᠤ ᠲᠡᠰᠪᠦᠷᠢᠲᠡᠢ ᠨᠤᠲᠤᠭ ᠤᠨ ᠮᠣᠳᠣᠨ ᠤ ᠲᠥᠷᠥᠯ ᠢ ᠢᠳᠡᠪᠬᠢᠲᠡᠢ ᠰᠣᠩᠭᠤᠵᠤ᠂ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ︾ ᠤᠰᠤ ᠪᠠᠷ ᠡᠪᠡᠰᠦ ᠶᠢ ᠲᠣᠭᠲᠠᠭᠠᠵᠤ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠵᠤ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠣᠶᠢᠵᠢᠭᠤᠯᠵᠤ᠂ ᠡᠪᠡᠰᠦ ᠲᠠᠷᠢᠬᠤ ᠳᠤ ᠲᠣᠬᠢᠷᠠᠮᠵᠢᠲᠠᠢ ᠪᠣᠯ ᠡᠪᠡᠰᠦ ᠮᠣᠳᠣ ᠲᠠᠷᠢᠵᠤ᠂ ᠪᠤᠳᠠᠯᠢᠭ ᠪᠤᠲᠠᠯᠢᠭ ᠲᠠᠷᠢᠬᠤ ᠳᠤ ᠲᠣᠬᠢᠷᠠᠮᠵᠢᠲᠠᠢ ᠪᠣᠯ ᠪᠤᠲᠠᠯᠢᠭ ᠮᠣᠳᠣ ᠲᠠᠷᠢᠨ᠎ᠠ᠃ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠮᠣᠳᠣᠨ ᠤ ᠲᠥᠷᠥᠯ ᠢ ᠰᠣᠩᠭᠤᠬᠤ ᠲᠠᠯ᠎ᠠ ᠪᠠᠷ᠂ ᠨᠠᠷᠠᠰᠤ᠂ ᠬᠠᠶᠢᠯᠠᠰᠤᠨ ᠮᠣᠳᠣ᠂ ᠲᠤᠭᠤᠷ᠂ ᠬᠡᠭᠡᠷ᠎ᠡ ᠶᠢᠨ ᠭᠦᠢᠯᠡᠰᠦ᠂ ᠭᠤᠤᠯᠲᠤ ᠪᠣᠷᠣ᠂ ᠤᠰᠤ ᠠᠷᠪᠢᠯᠠᠬᠤ᠂ ᠬᠦᠢᠲᠡᠨ ᠳᠤ ᠲᠡᠰᠪᠦᠷᠢᠲᠡᠶ᠂ ᠭᠠᠩ ᠬᠠᠭᠰᠠᠷᠠᠭᠠᠨ ᠳᠤ ᠲᠡᠰᠪᠦᠷᠢᠲᠡᠶ ᠨᠤᠲᠤᠭ ᠤᠨ ᠮᠣᠳᠣᠨ ᠤ ᠲᠥᠷᠥᠯ ᠢ ᠤᠷᠢᠳᠠᠪᠠᠷ ᠰᠣᠩᠭᠤᠨ ᠬᠡᠷᠡᠭᠯᠡᠨ᠎ᠡ᠃ ᠵᠦᠸᠧᠽᠢ ᠰᠢᠶᠠᠨ᠂ ᠯᠢᠶᠠᠩᠴᠧᠩ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠵᠢᠨᠢᠩ ᠲᠣᠭᠤᠷᠢᠭ᠂ ᠹᠧᠩᠵᠧᠨ ᠬᠤᠲᠠ᠂ ᠰᠢᠩ ᠾᠧ ᠰᠢᠶᠠᠨ ᠰᠠᠪᠠ ᠭᠠᠵᠠᠷ ᠢ ᠵᠠᠰᠠᠬᠤ ᠪᠠᠷ ᠭᠤᠤᠯ ᠪᠣᠯᠭᠠᠵᠤ᠂ ᠲᠣᠮᠣ ᠨᠦᠬᠡ ᠪᠠᠷ ᠭᠦᠨ ᠵᠠᠶᠢᠯᠠᠵᠤ᠂ ᠵᠢᠵᠢᠭ ᠴᠢᠬᠢ ᠶᠢᠨ ᠭᠠᠩ ᠬᠠᠭᠰᠠᠷᠠᠭᠠᠨ ᠲᠠᠢ ᠲᠡᠮᠡᠴᠡᠵᠦ ᠣᠶᠢᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠴᠢᠬᠢ ᠮᠣᠳᠣ ᠶᠢ ᠵᠠᠷᠴᠢᠮ ᠳᠡᠭᠡᠷ᠎ᠡ ᠪᠠᠨ ᠴᠥᠮ ᠰᠠᠪᠠ ᠭᠠᠵᠠᠷ ᠤᠨ ᠴᠢᠬᠢ ᠶᠢ ᠰᠣᠩᠭᠤᠨ ᠬᠡᠷᠡᠭᠯᠡᠨ᠎ᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠱᠠᠩᠳᠤ ᠰᠢᠶᠠᠨ᠂ ᠬᠤᠸᠠᠳᠧ ᠰᠢᠶᠠᠨ ᠪᠤᠲᠠᠯᠢᠭ ᠮᠣᠳᠣᠨ ᠤ ᠤᠷᠭᠤᠮᠠᠯ ᠤᠨ ᠪᠦᠷᠬᠦᠴᠡ ᠶᠢ ᠰᠡᠷᠭᠦᠭᠡᠬᠦ ᠪᠠᠷ ᠭᠤᠣᠯ ᠪᠣᠯᠭᠠᠵᠤ᠂ ᠬᠠᠷᠭᠠᠨ᠎ᠠ ᠶᠢᠨ ᠪᠣᠷᠣᠭᠠᠨ ᠤ ᠤᠯᠠᠷᠢᠯ ᠳᠤ ᠰᠢᠭᠤᠳ ᠨᠡᠪᠲᠡᠷᠡᠭᠦᠯᠬᠦ ᠪᠤᠶᠤ ᠰᠠᠪᠠ ᠴᠢᠬᠢ ᠶᠢ ᠣᠶᠢᠵᠢᠭᠤᠯᠬᠤ ᠶᠢ ᠳᠡᠯᠭᠡᠷᠡᠭᠦᠯᠵᠦ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ ᠠᠷᠪᠢᠯᠠᠵᠤ ᠣᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠲᠣᠮᠣ ᠮᠣᠳᠣ ᠬᠤᠲᠠ ᠳᠤ ᠣᠷᠣᠬᠤ︾᠂ ᠰᠣᠬᠤᠷ ᠪᠠᠯᠠᠶ ᠪᠠᠷ ︽ᠦᠵᠡᠮᠵᠢ ᠪᠦᠲᠦᠭᠡᠬᠦ︾᠂ ᠤᠯᠠᠷᠢᠯ ᠰᠥᠷᠥᠨ ᠳᠠᠷᠢᠬᠤ ᠪᠠ ︽ᠭᠠᠵᠠᠷ ᠪᠣᠰᠬᠠᠨ ᠣᠶ ᠰᠢᠭᠤᠶ ᠪᠣᠯᠬᠤ᠂ ᠭᠠᠵᠠᠷ ᠪᠣᠰᠬᠠᠨ ᠦᠵᠡᠮᠵᠢ ᠪᠣᠯᠭᠠᠬᠤ︾ ᠵᠡᠷᠭᠡ ᠤᠰᠤ ᠶᠡᠭᠡ ᠬᠤᠷᠣᠭᠳᠠᠭᠤᠯᠬᠤ ᠨᠣᠭᠤᠭᠠᠷᠠᠭᠤᠯᠤᠯᠲᠠ ᠶᠢ ᠴᠢᠩᠭ᠎ᠠ ᠴᠠᠭᠠᠵᠠᠯᠠᠵᠤ᠂ ᠣᠶ ᠰᠢᠭᠤᠶ ᠶᠢᠨ ᠶᠠᠰᠤ ᠴᠢᠨᠠᠷ ᠢ ᠨᠠᠷᠢᠯᠢᠭ ᠣᠨᠣᠴᠠᠲᠠᠶ ᠪᠠᠷ ᠳᠡᠭᠡᠭᠰᠢᠯᠡᠭᠦᠯᠦᠨ᠂ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠣᠯᠠᠨ ᠴᠢᠳᠠᠮᠵᠢ ᠲᠠᠢ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠢ ᠪᠠᠶᠢᠭᠤᠯᠤᠨ᠎ᠠ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠴᠡᠴᠡᠷᠯᠢᠭ ᠤᠨ ᠦᠢᠯᠡᠴᠢᠯᠡᠭᠡᠨ ᠤ ᠲᠥᠪ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠬᠤᠭᠤᠴᠠᠭ᠎ᠠ᠄ ᠣᠷᠳᠣ ᠬᠤᠭᠤᠴᠠᠭ᠎ᠠ ᠪᠠᠷ ᠪᠠᠷᠢᠮᠲᠠᠯᠠᠬᠤ ᠳᠥᠷᠪᠡ᠂ ᠬᠤᠲᠠ ᠪᠠᠯᠭᠠᠰᠤ ᠶᠢᠨ ᠤᠰᠤ ᠠᠷᠪᠢᠯᠠᠬᠤ ᠲᠠᠯ᠎ᠠ ᠪᠠᠷ    ︵ᠠᠷᠪᠠ︶ ᠪᠣᠷᠣᠭᠠᠨ ᠤ ᠤᠰᠤ ᠪᠣᠬᠢᠷ ᠤᠰᠤ ᠴᠤᠭᠯᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢᠨ ᠠᠰᠢᠭᠯᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠳᠠᠬᠢᠯᠲᠠ ᠤᠰᠤ ᠶᠢ ᠠᠰᠢᠭᠯᠠᠬᠤ ᠠᠷᠭ᠎ᠠ ᠵᠠᠮ ᠢ ᠢᠳᠡᠪᠬᠢᠲᠡᠶ ᠪᠠᠷ ᠥᠷᠭᠡᠳᠬᠡᠵᠦ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠠᠬᠢᠯᠲᠠ ᠤᠰᠤ ᠶᠢ ᠠᠵᠤ ᠦᠢᠯᠡᠳᠪᠦᠷᠢ ᠳᠤ ᠬᠡᠷᠡᠭᠯᠡᠬᠦ᠂ ᠠᠮᠢ ᠠᠬᠤᠶ ᠶᠢᠨ ᠤᠰᠤ ᠨᠥᠬᠦᠪᠥᠷᠢᠯᠡᠬᠦ ᠵᠢᠴᠢ ᠬᠤᠲᠠ ᠶᠢᠨ ᠡᠯᠳᠡᠪ ᠬᠡᠷᠡᠭᠯᠡᠭᠡᠨ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠬᠢᠨ ᠠᠰᠢᠭᠯᠠᠬᠤ ᠶᠢ ᠵᠣᠷᠢᠭᠵᠢᠭᠤᠯᠤᠨ᠎ᠠ᠃ ᠬᠤᠲᠠ ᠶᠢᠨ ᠴᠡᠴᠡᠷᠯᠢᠭ᠂ ᠣᠷᠣᠨ ᠰᠠᠭᠤᠴᠠ ᠶᠢᠨ ᠨᠡᠶᠢᠭᠡᠮ ᠲᠣᠭᠤᠷᠢᠭ᠂ ᠪᠠᠷᠢᠯᠭ᠎ᠠ᠂ ᠵᠦᠯᠭᠡ ᠭᠠᠵᠠᠷ᠂ ᠵᠠᠮ ᠤᠨ ᠠᠭᠤᠳᠠᠮ ᠲᠠᠯᠠᠪᠠᠶ᠂ ᠤᠰᠤᠨ ᠤ ᠰᠢᠰᠲ᠋ᠧᠮ ᠢ ᠵᠠᠰᠠᠬᠤ ᠵᠢᠴᠢ ᠦᠶᠡᠷ ᠵᠠᠯᠠᠬᠤ ᠵᠠᠮ ᠵᠡᠷᠭᠡ ᠰᠢᠨ᠎ᠡ ᠪᠠᠷ ᠨᠡᠭᠡᠭᠡᠵᠦ ᠥᠷᠭᠡᠳᠬᠡᠨ ᠪᠠᠶᠢᠭᠤᠯᠬᠤ ᠶᠠᠪᠤᠴᠠ ᠳᠤ ᠪᠣᠷᠣᠭᠠᠨ ᠤ ᠤᠰᠤ ᠶᠢ ᠤᠳᠠᠭᠠᠰᠢᠷᠠᠭᠤᠯᠬᠤ᠂ ᠲᠣᠬᠢᠷᠠᠭᠤᠯᠤᠨ ᠬᠠᠳᠠᠭᠠᠯᠠᠬᠤ᠂ ᠠᠰᠢᠭᠯᠠᠬᠤ ᠵᠡᠷᠭᠡ ᠪᠡᠯᠡᠳᠬᠡᠮᠵᠢ ᠶᠢ ᠵᠦᠶ ᠵᠣᠬᠢᠰᠲᠠᠶ ᠳᠡᠯᠭᠡᠷᠡᠭᠦᠯᠵᠦ᠂ ᠪᠣᠷᠣᠭᠠᠨ ᠤ ᠤᠰᠤ ᠶᠢ ᠭᠠᠵᠠᠷ ᠤᠨ ᠭᠠᠳᠠᠷᠭᠤ ᠶᠢᠨ ᠤᠷᠤᠰᠴᠤ ᠭᠠᠳᠠᠭᠰᠢ ᠭᠠᠳᠠᠭᠰᠢᠯᠠᠭᠤᠯᠬᠤ ᠶᠢ ᠪᠠᠭᠠᠰᠬᠠᠨ᠂ ᠲᠤᠬᠠᠶ ᠶᠢᠨ ᠭᠠᠵᠠᠷ ᠲᠤᠨᠢ ᠰᠢᠩᠭᠡᠭᠡᠵᠦ᠂ ᠲᠤᠬᠠᠶ ᠶᠢᠨ ᠭᠠᠵᠠᠷ ᠲᠤᠨᠢ ᠠᠰᠢᠭᠯᠠᠬᠤ ᠶᠢ ᠠᠬᠢᠭᠤᠯᠤᠨ᠎ᠠ᠃ 2025 ᠣᠨ ᠳᠤ ᠪᠥᠬᠦ ᠬᠤᠲᠠ ᠶᠢᠨ ᠬᠤᠲᠠ ᠶᠢᠨ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ ᠨᠣᠷᠮ᠎ᠠ ᠶᠢ 70% ᠳᠤ ᠬᠦᠷᠦᠭᠦᠯᠬᠦ ᠪᠠᠷ ᠴᠢᠷᠮᠠᠶᠢᠨ᠎ᠠ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠡᠴᠡᠷᠯᠢᠭ ᠤᠨ ᠦᠢᠯᠡᠴᠢᠯᠡᠭᠡᠨ ᠤ ᠲᠥᠪ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠬᠤᠭᠤᠴᠠᠭ᠎ᠠ᠄ ᠣᠷᠳᠣ ᠬᠤᠭᠤᠴᠠᠭ᠎ᠠ ᠪᠠᠷ ᠪᠠᠷᠢᠮᠲᠠᠯᠠᠬᠤ    ︵ᠠᠷᠪᠠᠨ ᠨᠢᠭᠡ︶ ᠤᠰᠤ ᠠᠷᠪᠢᠯᠠᠬᠤ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠤᠨ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ︽ᠨᠢᠭᠡ ᠡᠷᠦᠬᠡ ᠳᠤ ᠨᠢᠭᠡ ᠬᠦᠰᠦᠨᠦᠭᠲᠦ︾ ᠶᠢᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠬᠤᠲᠠ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠤᠨ᠂ ᠭᠤᠭᠤᠵᠢᠵᠤ ᠰᠦᠢᠳᠦᠭᠰᠡᠨ ᠨᠢ ᠬᠦᠨᠳᠦ ᠨᠣᠴᠢᠲᠠᠶ᠂ ᠬᠤᠭᠤᠴᠠᠭ᠎ᠠ ᠠᠴᠠ ᠬᠡᠲᠦᠷᠡᠭᠦᠯᠦᠨ ᠠᠯᠪᠠᠨ ᠳᠤ ᠣᠷᠣᠭᠤᠯᠬᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠤᠰᠤ ᠬᠠᠩᠭᠠᠬᠤ ᠬᠤᠭᠤᠯᠠᠶ ᠶᠢ ᠲᠦᠷᠭᠡᠳᠬᠡᠨ ᠰᠢᠨᠡᠳᠬᠡᠨ ᠥᠭᠡᠷᠡᠴᠢᠯᠡᠵᠦ᠂ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠵᠤ᠂ 2025 ᠤᠨ ᠪᠣᠯᠬᠤ ᠳᠤ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ ᠨᠣᠷᠮ᠎ᠠ ᠶᠢ 9% ᠶᠢᠨ ᠳᠣᠲᠣᠷ᠎ᠠ ᠡᠵᠡᠮᠳᠡᠬᠦ ᠪᠠᠷ ᠴᠢᠷᠮᠠᠶᠢᠨ᠎ᠠ᠃ ᠠᠮᠢᠳᠤᠷᠠᠯ ᠤᠨ ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠲᠦᠷᠭᠡᠳᠬᠡᠵᠦ᠂ ᠰᠢᠨ᠎ᠡ ᠪᠠᠷ ᠪᠠᠶᠢᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠳᠤ ᠡᠷᠬᠡᠪᠰᠢ ᠤᠰᠤ ᠠᠷᠪᠢᠯᠠᠬᠤ ᠪᠠᠭᠠᠵᠢ ᠬᠡᠷᠡᠭᠰᠡᠯ ᠢ ᠤᠭᠰᠠᠷᠠᠨ ᠬᠡᠷᠡᠭᠯᠡᠵᠦ᠂ ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠭᠡᠭᠰᠢᠯᠡᠭᠦᠯᠦᠨ᠂ ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ︽ᠤᠰᠤᠨ ᠤ ᠱᠠᠲᠤᠯᠢᠭ ᠦᠨ᠎ᠡ︾ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠲᠦᠭᠡᠭᠡᠯ ᠤᠰᠤᠨ ᠤ ᠪᠦᠷᠬᠦᠴᠡ ᠶᠢᠨ ᠬᠡᠪᠴᠢᠶᠡᠨ ᠳᠠᠬᠢ ᠥᠪᠡᠷ ᠢᠶᠠᠨ ᠪᠡᠯᠡᠳᠬᠡᠭᠰᠡᠨ ᠬᠤᠳᠳᠤᠭ ᠢ ᠬᠠᠭᠠᠵᠤ ᠵᠣᠭᠰᠣᠭᠠᠵᠤ᠂ ᠤᠰᠤ ᠠᠷᠪᠢᠯᠠᠬᠤ ᠬᠡᠯᠪᠡᠷᠢ ᠶᠢᠨ ᠰᠠᠭᠤᠭᠠᠯᠢ ᠠᠷᠠᠳ ᠤᠨ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠬᠥᠳᠡᠭᠡ ᠲᠣᠰᠬᠤᠨ ᠤ ᠠᠮᠢᠳᠤᠷᠠᠯ ᠤᠨ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠪᠠ ᠤᠰᠤ ᠠᠷᠪᠢᠯᠠᠬᠤ ᠢᠵᠢ ᠪᠦᠷᠢᠳᠦᠭᠦᠯᠬᠦ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠬᠡᠮᠵᠢᠯᠲᠡ ᠪᠠᠷ ᠰᠦᠢᠳᠭᠡᠯ ᠬᠤᠷᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃    ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠵᠠᠭᠤᠴᠢᠯᠠᠭᠤᠷ ᠵᠡᠷᠭᠡ ᠠᠮᠢᠳᠤᠯᠢᠭ ᠣᠯᠠᠨ ᠶᠠᠩᠵᠤ ᠶᠢᠨ ᠪᠠ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤ ᠶᠢ ᠠᠷᠪᠢᠯᠠᠵᠤ ᠬᠡᠷᠡᠭᠯᠡᠬᠦ ᠪᠠ ᠪᠣᠬᠢᠷᠲᠤᠯ ᠥᠬᠡᠶ ᠬᠥᠭᠵᠢᠭᠦᠯᠬᠦ ᠣᠨᠣᠯᠵᠢᠬᠤᠨ ᠢ ᠶᠡᠬᠡᠪᠡᠷ ᠤᠬᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠦᠵᠡᠯ ᠤᠬᠠᠮᠰᠠᠷ ᠢ ᠨᠢ ᠴᠢᠩᠭᠠᠷᠠᠭᠤᠯᠤᠨ᠎ᠠ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ       ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ ᠡᠴᠦᠰ ᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠬᠤ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃   ᠲᠠᠪᠤ᠂ ᠬᠠᠤᠯᠢ ᠬᠡᠷᠡᠭᠵᠢᠭᠦᠯᠬᠦ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ    ︵ᠠᠷᠪᠠᠨ ᠬᠤᠶᠠᠷ︶ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠬᠠᠤᠯᠢ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠷᠤᠮᠵᠢᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ ᠪᠠ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠤᠳᠳᠤᠭ ᠤᠨ ᠳᠠᠷᠤᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ︽ᠬᠤᠳᠳᠤᠭ ᠤᠨ ᠳᠠᠷᠤᠭ᠎ᠠ ᠴᠠᠭᠳᠠᠭ᠎ᠠ ᠶᠢᠨ ᠳᠠᠷᠤᠭ᠎ᠠ︾ ᠪᠠ ︽ᠬᠤᠳᠳᠤᠭ ᠤᠨ ᠳᠠᠷᠤᠭ᠎ᠠ ᠭᠡᠰᠢᠭᠦᠨ︾ ᠵᠡᠷᠭᠡ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠬᠡᠷᠡᠭᠲᠡᠢ᠃ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠣᠯᠤᠨ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠷᠢᠶ᠎ᠠ ᠣᠷᠣᠨ ᠤ ᠳᠣᠲᠣᠷᠠᠬᠢ ᠲᠣᠭᠲᠠᠭᠠᠯ ᠠᠴᠠ ᠵᠥᠷᠢᠴᠡᠨ ᠤᠰᠤ ᠬᠡᠷᠡᠭᠯᠡᠭᠰᠡᠨ ᠪᠠᠶᠢᠳᠠᠯ ᠢ ᠲᠤᠰᠬᠠᠶ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠠᠭ ᠲᠤᠬᠠᠶ ᠳᠤᠨᠢ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠡᠯ᠎ᠡ ᠵᠦᠢᠯ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠦᠨᠳᠦᠰᠦᠨ ᠱᠠᠲᠤᠨ ᠳᠤ ᠣᠷᠣᠰᠢᠵᠤ ᠪᠠᠶᠢᠭ᠎ᠠ ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠠᠵᠢᠯᠯᠠᠭ᠎ᠠ ᠳᠤ ᠴᠢᠭᠯᠡᠭᠦᠯᠦᠨ᠂ ᠤᠰᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠢᠳᠡᠪᠬᠢᠲᠡᠶ ᠪᠠᠷ ᠬᠠᠮᠲᠤᠷᠠᠨ ᠬᠢᠨᠠᠯᠲᠠ ᠲᠠᠯᠪᠢᠬᠤ ᠠᠷᠭ᠎ᠠ ᠵᠠᠮ ᠢ ᠨᠡᠪᠲᠡᠷᠡᠭᠦᠯᠵᠦ᠂ ᠰᠦᠪᠡᠭᠴᠢ ᠶᠢ ᠰᠢᠯᠵᠢᠭᠦᠯᠦᠨ ᠬᠦᠷᠭᠡᠬᠦ ᠠᠵᠢᠯ ᠢ ᠰᠠᠶᠢᠲᠤᠷ ᠬᠢᠬᠦ ᠬᠡᠷᠡᠭᠲᠡᠶ᠃    ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    ᠪᠡᠶᠡᠯᠡᠭᠦᠯᠬᠦ ᠴᠠᠭ ᠬᠤᠭᠤᠴᠠᠭ᠎ᠠ᠄ ᠣᠷᠳᠣ ᠬᠤᠭᠤᠴᠠᠭ᠎ᠠ ᠪᠠᠷ ᠪᠠᠷᠢᠮᠲᠠᠯᠠᠬᠤ    ᠬᠠᠭᠤᠯᠤᠨ ᠬᠦᠷᠭᠡᠬᠦ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠤᠨ ᠰᠠᠯᠪᠤᠷᠢ ᠠᠩᠭᠢ᠃    ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ᠢᠷᠡᠯᠳᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2